ᠪᠠᠷᠠᠭᠤᠨ ᠦᠵᠦᠮᠦᠴᠢᠨ ᠬᠤᠰᠢᠭᠤ ᠦᠵᠦᠮᠦᠴᠢᠨ ᠣᠷᠲᠣ ᠶᠢᠨ ᠳᠠᠭᠤᠣ ᠶᠢᠨ ᠪᠤᠯᠪᠠᠰᠣᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/6/6
     ᠪᠠᠷᠠᠭᠤᠨ ᠦᠵᠦᠮᠦᠴᠢᠨ ᠬᠤᠰᠢᠭᠤ ᠦᠵᠦᠮᠦᠴᠢᠨ ᠣᠷᠲᠣ ᠶᠢᠨ ᠳᠠᠭᠤᠣ ᠶᠢᠨ ᠪᠤᠯᠪᠠᠰᠣᠷᠠᠯ ᠤᠨ ᠠᠩᠭᠢ ᠡᠷᠬᠢᠯᠡᠪᠡ                                                                            ᠦᠢᠷ᠎ᠠ ᠶᠢᠨ ᠡᠳᠦᠷ᠂  ᠰᠢ ᠶᠢ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ  ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠬᠤᠷᠢᠳᠣᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠲᠣᠣᠱᠯᠠᠭᠤᠯᠵᠣ᠂ ᠶᠡᠷᠥᠩᠬᠡᠢ ᠱᠦᠵᠢ ᠶᠢᠨ ᠣᠳᠬ᠎ᠠ ᠣᠷᠠᠯᠢᠭ ᠤᠨ ᠠᠵᠢᠯ ᠪᠣᠯᠣᠨ ᠪᠣᠳᠠᠰ  ᠤᠨ ᠪᠣᠰᠣ  ᠰᠣᠶᠣᠯ ᠤᠨ ᠥᠪ ᠢ  ᠬᠠᠮᠠᠭᠠᠯᠠᠬᠤ᠂ ᠣᠯᠠᠮᠵᠢᠯᠠᠨ ᠵᠠᠯᠭᠠᠮᠵᠢᠯᠠᠬᠤ ᠲᠣᠬᠠᠢ ᠴᠢᠬᠤᠯᠠ ᠵᠢᠭᠠᠪᠣᠷᠢ ᠶᠢ ᠭᠦᠨᠵᠡᠭᠡᠢ ᠨᠠᠶᠢᠳᠠᠪᠣᠷᠢᠵᠢᠭᠤᠯᠣᠨ᠂ ᠳᠣᠮᠳᠠᠳᠣ ᠶᠢᠨ ᠰᠢᠯᠢᠳᠡᠭ ᠣᠯᠠᠮᠵᠢᠯᠠᠯᠲᠣ ᠰᠣᠶᠣᠯ ᠢ ᠵᠠᠯᠭᠠᠮᠵᠢᠯᠠᠨ ᠪᠠᠳᠠᠷᠠᠭᠤᠯᠵᠣ   ᠶᠢᠨ ᠲᠣᠰᠠᠲᠠ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ ᠦᠢᠯᠡᠰ ᠢ ᠬᠥᠭᠵᠢᠭᠦᠯᠬᠦ ᠲᠥᠪ ᠠᠴᠠ ᠣᠯᠣᠰ ᠤᠨ ᠳᠡᠰ ᠤᠨ ᠪᠣᠳᠠᠰ ᠤᠨ ᠪᠣᠰᠣ ᠰᠣᠶᠣᠯ ᠤᠨ ᠥᠪ ᠤᠨ ᠲᠥᠯᠦᠭᠡᠯᠡᠬᠦ ᠴᠢᠨᠠᠷᠲᠠᠢ ᠲᠥᠷᠦᠯ ᠵᠦᠢᠯ— ᠦᠵᠦᠮᠦᠴᠢᠨ ᠣᠷᠲᠣ ᠶᠢᠨ ᠳᠠᠭᠤᠣ ᠶᠢᠨ ᠪᠤᠯᠪᠠᠰᠣᠷᠠᠯ ᠤᠨ ᠠᠩᠭᠢ  ᠶᠢ ᠡᠷᠬᠢᠯᠡᠭᠰᠡᠨ ᠪᠠᠶᠢᠨ᠎ᠠ  ᠃        ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠣᠷᠳᠣᠨ ᠠᠴᠠ ᠪᠣᠳᠠᠰ ᠤᠨ ᠪᠣᠰᠣ ᠰᠣᠶᠣᠯ ᠤᠨ ᠥᠪ ᠢ ᠬᠠᠮᠠᠭᠠᠯᠠᠬᠤ ᠠᠵᠢᠯ ᠢ ᠥᠷᠭᠡᠨ ᠣᠯᠠᠨ ᠪᠣᠳᠠᠰ ᠤᠨ ᠪᠣᠰᠣ ᠰᠣᠶᠣᠯ ᠤᠨ ᠥᠪ ᠤᠨ ᠣᠯᠠᠮᠵᠢᠯᠠᠭᠴᠢᠳ ᠲᠠᠢ  ᠪᠠᠨ ᠬᠠᠮᠲᠣᠷᠠᠨ᠂ ᠡᠯ᠎ᠡ ᠲᠠᠯ᠎ᠠ ᠶᠢᠨ ᠠᠵᠢᠯ ᠢ ᠰᠠᠶᠢᠲᠣᠷ ᠬᠢᠵᠣ᠂ ᠣᠳᠣᠬᠠᠨ ᠪᠣᠯᠲᠠᠯ᠎ᠠ ᠣᠯᠣᠰ ᠤᠨ ᠳᠡᠰ ᠤᠨ ᠪᠣᠳᠠᠰ ᠤᠨ ᠪᠣᠰᠣ ᠰᠣᠶᠣᠯ ᠤᠨ ᠥᠪ ᠤᠨ ᠣᠯᠣᠰ ᠤᠨ ᠳᠡᠰ ᠤᠨ ᠲᠥᠷᠦᠯ ᠵᠦᠢᠯ ᠳᠤ ᠭᠤᠷᠪᠠᠨ ᠨᠡᠷᠡᠰ  ᠵᠢᠭᠰᠠᠭᠠᠭᠳᠠᠭᠰᠠᠨ ᠪᠠᠶᠢᠵᠣ᠂ ᠡᠭᠦᠨ ᠤ ᠨᠢᠭᠡ ᠲᠥᠷᠦᠯ ᠵᠦᠢᠯ ᠪᠤᠯᠬᠤ ᠨᠢ ᠳᠠᠷᠣᠢ ᠦᠵᠦᠮᠦᠴᠢᠨ ᠣᠷᠲᠣ ᠶᠢᠨ ᠳᠠᠭᠤᠣ ᠪᠣᠯᠬᠤ ᠶᠣᠮ᠃       ᠲᠣᠰ ᠣᠳᠠᠭᠠᠨ ᠤ ᠪᠣᠯᠪᠠᠰᠣᠷᠠᠯ ᠨᠢ ᠲᠠᠪᠣᠨ ᠡᠳᠦᠷ ᠤᠨ ᠲᠣᠷᠰᠢ ᠶᠠᠪᠣᠭᠳᠠᠨ᠂ ᠠᠬᠠᠮᠠᠳ᠂ ᠢᠳᠡᠷ ᠵᠠᠯᠠᠭᠤ ᠂ ᠬᠡᠥᠬᠡᠳ ᠨᠡᠶᠢᠲᠡ60 ᠰᠢᠬᠠᠮ ᠬᠦᠮᠦᠰ ᠣᠷᠣᠯᠴᠠᠨ᠂ ᠣᠷᠣᠨ ᠤ ᠳᠡᠰ ᠤᠨ ᠪᠣᠳᠠᠰ ᠤᠨ  ᠪᠣᠰᠣ ᠰᠣᠶᠣᠯ ᠤᠨ ᠥᠪ ᠤᠨ ᠥᠪᠯᠡᠨ ᠣᠯᠠᠮᠵᠢᠯᠠᠭᠴᠢ  ᠰᠡᠴᠡᠨᠭᠡᠷᠡᠯ ᠪᠠᠭᠰᠢ ᠪᠠ ᠠᠶᠢᠮᠠᠭ ᠤᠨ ᠳᠡᠰ ᠤᠨ ᠪᠣᠳᠠᠰ ᠤᠨ  ᠪᠣᠰᠣ  ᠰᠣᠶᠣᠯ  ᠤᠨ ᠥᠪ ᠤᠨ ᠥᠪᠯᠡᠨ ᠣᠯᠠᠮᠵᠢᠯᠠᠭᠴᠢ ᠣᠳᠬᠠᠨᠪᠠᠭᠠᠲᠣᠷ ᠪᠠᠭᠰᠢ ᠠᠴᠠ ᠵᠢᠭᠠᠨ ᠵᠢᠯᠣᠭᠤᠳᠣᠯᠭ᠎ᠠ ᠬᠢᠭᠰᠡᠨ ᠪᠠᠶᠢᠨ᠎ᠠ᠃  ᠪᠣᠯᠪᠠᠰᠣᠷᠠᠯ ᠨᠢ ᠣᠨᠣᠯ  ᠪᠣᠯᠣᠨ ᠦᠢᠯᠡᠳᠦᠯᠭᠡ ᠶᠢ ᠣᠶᠠᠯᠳᠣᠭᠤᠯᠣᠨ᠂ ᠦᠵᠦᠮᠦᠴᠢᠨ ᠣᠷᠲᠣ ᠶᠢᠨ ᠳᠠᠭᠤᠣ ᠶᠢᠨ ᠳᠠᠭᠤᠯᠠᠬᠤ ᠠᠷᠭ᠎ᠠ ᠪᠠᠷᠢᠯ ᠢ ᠵᠢᠭᠠᠵᠣ᠂ ︽ᠥᠨᠳᠦᠷ ᠶᠡᠭᠡ ᠠᠯᠠᠱᠠᠨ︾᠂ ︽ᠠᠶᠠᠨ᠎ᠠ ᠵᠦᠢᠲᠠᠢ ᠨᠣᠲᠤᠭ︾᠂ ︽ᠬᠦᠷᠡᠩ ᠤᠨ ᠵᠢᠷᠤᠭ᠎ᠠ︾ ᠵᠡᠷᠭᠡ ᠳᠠᠭᠤᠣ ᠨᠤᠭᠤᠳ   ᠤᠨ ᠳᠠᠭᠤᠯᠠᠬᠤ ᠣᠷ᠎ᠠ ᠳᠡᠮ ᠢ ᠵᠢᠭᠠᠭᠰᠠᠨ ᠪᠠᠶᠢᠨ᠎ᠠ᠃      ᠲᠣᠰ  ᠪᠣᠯᠪᠠᠰᠣᠷᠠᠯ ᠤᠨ ᠠᠩᠭᠢ ᠨᠢ  ᠣᠷᠲᠣ ᠶᠢᠨ ᠳᠠᠭᠤᠣ ᠪᠠᠨ ᠰᠣᠨᠣᠰᠬᠤ ᠳᠣᠷᠠᠲᠠᠢ᠂ ᠳᠠᠭᠤᠯᠠᠬᠤ ᠳᠣᠷᠠᠲᠠᠢ ᠬᠦᠮᠦᠰ   ᠲᠤ ᠨᠢᠭᠡᠨ  ᠰᠠᠶᠢᠨ  ᠰᠠᠶᠢᠬᠠᠨ ᠰᠣᠯᠢᠯᠴᠠᠭᠠᠨ ᠤ ᠳᠠᠪᠴᠠᠩ ᠪᠠᠶᠢᠭᠤᠯᠣᠨ ᠥᠭᠴᠦ᠂   ᠰᠣᠶᠣᠯ ᠤᠨ ᠪᠣᠯᠪᠠᠰᠣᠷᠠᠯ᠂ ᠣᠨᠣᠯ ᠤᠨ ᠳᠥᠪᠰᠢᠨ᠂ ᠲᠣᠭᠯᠠᠯᠲᠠ ᠶᠢᠨ ᠣᠷ᠎ᠠ ᠮᠡᠷᠭᠡᠵᠢᠯ ᠤᠨ ᠲᠠᠯ᠎ᠠ ᠪᠠᠷ ᠪᠥᠷ ᠨᠡᠯᠢᠶᠡᠳ ᠶᠡᠭᠡ ᠬᠡᠮᠵᠢᠶ᠎ᠡ ᠪᠠᠷ ᠳᠡᠭᠡᠭᠰᠢᠯᠡᠵᠣ᠂ ᠪᠣᠳᠠᠰ ᠤᠨ ᠪᠣᠰᠣ ᠰᠣᠶᠣᠯ ᠤᠨ ᠥᠪ ᠤᠨ ᠬᠠᠮᠠᠭᠠᠯᠠᠯᠲᠠ᠂ ᠣᠯᠠᠮᠵᠢᠯᠠᠯ ᠪᠠ ᠬᠥᠭᠵᠢᠯᠲᠡ ᠶᠢ ᠣᠯᠠᠮ ᠨᠢᠭᠡ ᠠᠯᠬᠤᠮ  ᠠᠬᠢᠭᠤᠯᠣᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号