ᠡᠷᠴᠢ ᠵᠣᠷᠢᠭ ᠢᠶᠠᠨ ᠬᠥᠪᠴᠢᠯᠡᠵᠦ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠶ᠎ᠡ
ᠨᠡᠶᠢᠲᠡᠯᠡᠭᠰᠡᠨ ᠴᠠᠭ᠄
2023/6/9
ᠡᠷᠴᠢ ᠵᠣᠷᠢᠭ ᠢᠶᠠᠨ ᠬᠥᠪᠴᠢᠯᠡᠵᠦ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠶ᠎ᠡ     - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ ᠨᠢ           ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠬᠤᠶᠢᠰᠢᠳᠠ ᠶᠢᠨ ᠲᠠᠪᠤᠨ ᠵᠢᠯ ᠪᠠ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠢᠲᠡᠭᠡᠯ ᠢ ᠨᠡᠮᠡᠭᠳᠡᠭᠦᠯᠵᠦ᠂ ᠵᠣᠷᠢᠭ ᠢ ᠬᠥᠪᠴᠢᠯᠡᠪᠡ᠃ ᠵᠢᠷᠤᠭ ᠲᠥᠰᠥᠪ ᠨᠢᠭᠡᠨᠲᠡ ᠲᠣᠳᠣᠷᠬᠠᠢ ᠪᠣᠯᠵᠤ᠂ ᠠᠰᠢᠭᠲᠠᠢ ᠨᠥᠬᠦᠴᠡᠯ ᠢ ᠠᠰᠢᠭᠯᠠᠨ ᠬᠦᠴᠢᠷ ᠢ ᠰᠥᠷᠦᠨ ᠤᠷᠤᠭᠰᠢᠯᠠᠬᠤ ᠴᠠᠭ ᠪᠣᠯᠵᠠᠢ︔ ᠬᠦᠨᠳᠦ ᠬᠠᠷᠢᠭᠤᠴᠠᠯᠭ᠎ᠠ ᠮᠥᠷᠥᠨ ᠳᠡᠭᠡᠷ᠎ᠡ ᠲᠠᠯᠪᠢᠭᠳᠠᠵᠤ ᠪᠤᠢ᠂ ᠬᠤᠷᠳᠤᠨ ᠮᠣᠷᠢ ᠪᠠᠨ ᠲᠠᠰᠢᠭᠤᠷᠳᠠᠬᠤ ᠴᠢᠬᠤᠯᠠᠲᠠᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠵᠦ᠂ ᠬᠥᠭᠡᠭᠡᠵᠦ ᠭᠦᠢᠴᠡᠬᠦ ᠢᠲᠡᠭᠡᠯ ᠲᠠᠢ ᠡᠷᠴᠢ ᠵᠣᠷᠢᠭ ᠢᠶᠠᠨ ᠬᠥᠪᠴᠢᠯᠡᠨ᠂ ᠴᠠᠭ ᠮᠥᠴᠡ ᠲᠠᠢ ᠤᠷᠤᠯᠳᠤᠨ᠂ ᠥᠷᠯᠥᠭᠡ ᠦᠳᠡᠰᠢ ᠶᠢ ᠲᠡᠮᠡᠴᠡᠨ᠂ ᠬᠠᠷᠠᠯᠲᠠ ᠵᠦᠭ ᠢᠶᠠᠨ ᠡᠷᠡᠯᠬᠡᠭᠯᠡᠨ ᠤᠷᠤᠭᠰᠢᠯᠠᠵᠤ᠂ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠵᠦ᠂ ᠲᠥᠯᠦᠪᠵᠢᠭᠦᠯᠭᠡ ᠶᠢᠨ ᠵᠢᠷᠤᠭ ᠢ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠵᠤ᠂ ᠴᠠᠭ ᠤᠨ ᠬᠦᠰᠦᠨᠦᠭᠲᠦ ᠶᠢ ᠵᠠᠮ ᠤᠨ ᠬᠦᠰᠦᠨᠦᠭᠲᠦ ᠪᠣᠯᠭᠠᠨ ᠬᠤᠪᠢᠷᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃        ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠳᠤ᠂ ᠡᠷᠬᠡᠪᠰᠢ ︽ᠬᠦᠯᠢᠶᠡᠵᠦ ᠦᠯᠦ ᠪᠤᠯᠬᠤ︾ ᠲᠤᠯᠭᠠᠮ ᠪᠤᠳᠤᠯ ᠪᠣᠯᠣᠨ ︽ᠤᠳᠠᠭᠠᠰᠢᠷᠠᠵᠤ ᠦᠯᠦ ᠪᠤᠯᠬᠤ︾ ᠲᠦᠭᠰᠢᠭᠦᠷᠢᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ᠃ ᠤᠳᠤ ᠰᠢᠨ᠎ᠡ ᠠᠵᠤ ᠦᠢᠯᠡᠰ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠵᠠᠯᠭᠠᠭ᠎ᠠ ᠵᠠᠯᠭᠠᠭ᠎ᠠ ᠪᠠᠷ ᠢᠯᠡᠷᠡᠵᠦ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠨᠢ ᠬᠠᠷᠢᠯᠴᠠᠨ ᠬᠡᠯᠬᠢᠶᠡᠷᠡᠯᠳᠦᠵᠦ᠂ ᠲᠦᠷᠦ ᠶᠢᠨ ᠪᠣᠳᠣᠯᠭ᠎ᠠ ᠶᠢ ᠭᠤᠶᠤᠴᠢᠯᠠᠬᠤ᠂ ᠲᠦᠷᠦᠯ ᠵᠦᠢᠯ ᠢ ᠡᠷᠢᠯᠬᠢᠯᠡᠬᠦ᠂ ᠠᠷᠠᠯᠵᠢᠶᠠᠴᠢᠨ ᠤᠷᠢᠬᠤ ᠳᠤ ᠴᠤ ᠲᠡᠷᠡ᠂ ᠡᠰᠡᠬᠦᠯ᠎ᠡ ᠠᠰᠠᠭᠤᠳᠠᠯ ᠢ ᠠᠳᠬᠤᠬᠤ᠂ ᠪᠣᠭᠤᠮᠲᠠ ᠰᠢᠪᠲᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠴᠦ ᠲᠡᠷᠡ᠂ ᠭᠠᠭᠴᠠ ᠬᠦ ᠠᠵᠢᠯ ᠢᠶᠠᠨ ᠡᠬᠢᠯᠡᠭᠦᠯᠵᠦ᠂ ᠲᠦᠷᠭᠡᠳᠬᠡᠨ ᠠᠬᠢᠭᠤᠯᠪᠠᠯ ᠰᠠᠶ᠋ᠢ ᠬᠦᠴᠢᠷ ᠪᠡᠷᠬᠡ ᠶᠢ ᠲᠤᠭᠤᠯᠤᠨ ᠵᠣᠷᠢᠭᠲᠠᠢ ᠳᠠᠪᠠᠵᠤ᠂ ᠬᠥᠭᠡᠭᠡᠨ ᠭᠦᠢᠴᠡᠵᠦ ᠴᠢᠳᠠᠨ᠎ᠠ᠃ ᠥᠨᠥᠳᠥᠷ ᠣᠷᠦ᠋ᠢᠳᠠᠯ᠎ᠠ ᠭᠡᠰᠡᠨ ᠴᠦ ᠡᠷᠲᠡ ᠳᠡᠭᠡᠨ ᠲᠣᠭᠠᠴᠠᠭᠳᠠᠵᠤ ᠮᠠᠷᠭᠠᠰᠢ ᠡᠷᠲᠡᠯᠡᠭᠰᠡᠨ ᠴᠦ ᠤᠷᠦ᠋ᠢᠳᠠᠭᠰᠠᠨ ᠳᠠᠭᠠᠨ ᠲᠣᠭᠠᠴᠠᠭᠳᠠᠨ᠎ᠠ᠃ ︽ᠲᠦᠷᠭᠡᠨ︾ ᠪᠠ ︽ᠭᠦᠶᠦᠬᠦ︾ ᠶᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠪᠠᠯ ᠪᠢᠳᠡ ᠳᠠᠷᠪᠠᠭᠤᠯ ᠬᠡᠶᠢᠰᠬᠡᠨ ᠥᠷᠢᠰᠦᠯᠳᠦᠨ ᠤᠷᠤᠭᠰᠢᠯᠠᠬᠤ᠂ ᠰᠠᠯᠬᠢ ᠳᠠᠪᠠᠯᠭᠠᠨ ᠢ ᠰᠥᠷᠦᠨ ᠤᠷᠤᠭᠰᠢᠯᠠᠬᠤ ᠰᠢᠨ᠎ᠡ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠪᠠᠨ ᠲᠦᠷᠭᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠵᠤ ᠴᠢᠳᠠᠨ᠎ᠠ᠃           ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠳᠤ᠂ ᠡᠷᠬᠡᠪᠰᠢ ᠨᠢᠭᠡ ᠯᠡ ᠠᠮᠢᠰᠬᠤᠭ᠎ᠠ ᠪᠠᠷ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ᠂ ᠵᠢᠳᠬᠦᠯ ᠴᠢᠷᠮᠠᠶᠢᠯᠭ᠎ᠠ ᠭᠠᠷᠭᠠᠬᠤ ᠳᠤᠷ᠎ᠠ ᠦᠭᠡᠢ ᠬᠤᠶᠢᠷᠭᠤ ᠴᠢᠨᠠᠷ ᠢ ᠡᠷᠡᠰ ᠲᠡᠪᠴᠢᠵᠦ᠂ ᠠᠰᠠᠭᠤᠳᠠᠯ ᠪᠠ ᠬᠦᠴᠢᠷᠳᠡᠯ ᠳᠤ ᠲᠤᠯᠭᠠᠷᠠᠪᠠᠯ ᠬᠤᠶᠢᠰᠢ ᠰᠠᠭᠤᠬᠤ ᠬᠤᠶᠢᠷᠭᠤ ᠵᠠᠩ ᠢ ᠡᠷᠡᠰ ᠲᠡᠪᠴᠢᠵᠦ᠂ ︽ᠬᠠᠷᠭᠤᠭᠰᠠᠨ ᠳᠠᠶᠢᠰᠤᠨ ᠢᠶᠠᠨ ᠵᠠᠪᠠᠯ ᠢᠯᠠᠬᠤ︾ ᠣᠪᠣᠷ ᠢᠶᠠᠷ ᠰᠢᠷᠦᠭᠦᠨ ᠥᠷᠢᠰᠦᠯᠳᠦᠭᠡᠨ ᠳᠤ ᠣᠷᠣᠯᠴᠠᠵᠤ᠂ ᠲᠡᠮᠡᠴᠡᠯ ᠤᠨ ᠡᠷᠴᠢ ᠵᠣᠷᠢᠭ᠂ ᠱᠠᠯᠠᠪᠳᠠᠨ ᠵᠠᠪᠳᠤᠬᠤ ᠠᠶᠢᠵᠠᠮ ᠢᠶᠠᠷ ᠤᠷᠤᠭᠰᠢᠯᠠᠬᠤ ᠬᠡᠷᠡᠭᠲᠡᠢ᠃ ᠡᠷᠬᠡᠪᠰᠢ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠪᠠᠷ ᠪᠠᠭᠠᠲᠤᠷ ᠢ ᠦᠨᠡᠯᠡᠵᠦ᠂ ᠪᠣᠳᠠᠲᠤ ᠠᠮᠵᠢᠯᠲᠠ ᠪᠠᠷ ᠭᠠᠪᠢᠶ᠎ᠠ ᠣᠰᠣᠯ ᠢ ᠲᠡᠮᠳᠡᠭᠯᠡᠵᠦ᠂ ᠠᠵᠢᠯ ᠬᠢᠬᠦ ᠳᠤ ᠶᠠᠪᠤᠴᠠ ᠶᠢ ᠦᠵᠡᠬᠦ ᠪᠠᠷ ᠪᠠᠷᠠᠬᠤ ᠦᠭᠡᠢ ᠨᠡᠩ ᠴᠤ ᠦᠷ᠎ᠡ ᠳ᠋ᠦᠩ ᠢ ᠨᠢ ᠦᠵᠡᠬᠦ ᠬᠡᠷᠡᠭᠲᠡᠢ᠂ ︽ᠥᠩᠭᠡ ᠶᠢᠨ ᠴᠡᠴᠡᠭ ᠮᠢᠷᠠᠯᠵᠠᠨ ᠳᠡᠯᠭᠡᠷᠡᠭᠡᠳ ᠦᠷ᠎ᠡ ᠵᠢᠮᠢᠰ ᠰᠠᠭᠤᠬᠤ ᠦᠭᠡᠢ︾ ᠪᠠᠶᠢᠵᠤ ᠪᠣᠯᠬᠤ ᠦᠭᠡᠢ᠃ ᠡᠷᠬᠡᠪᠰᠢ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠣᠰᠣᠭᠠᠷ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ᠂ ᠬᠢᠲᠤᠭᠠᠨ ᠤ ᠢᠷ ᠢ ᠳᠣᠲᠣᠭᠰᠢ ᠬᠠᠨᠳᠤᠭᠤᠯᠬᠤ ᠰᠥᠰᠥ ᠵᠣᠷᠢᠭ ᠢᠶᠠᠷ ᠰᠤᠷᠲᠠᠯ ᠤᠨ ᠬᠡᠮ ᠰᠣᠭᠤᠭ ᠢ ᠳᠠᠷᠤᠢ ᠲᠦᠷᠭᠡᠨ ᠠᠷᠢᠯᠭᠠᠵᠤ᠂ ᠪᠥᠬᠦ ᠣᠷᠣᠨ ᠤ ᠳᠡᠭᠡᠷ᠎ᠡ ᠳᠣᠣᠷ᠎ᠠ ᠱᠠᠲᠤᠨ ᠤ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠭᠦᠢᠴᠡᠳ ᠬᠥᠭᠵᠢᠭᠡᠬᠦ ᠬᠡᠷᠡᠭᠲᠡᠢ᠃          ᠡᠷᠴᠢ ᠵᠣᠷᠢᠭ ᠢᠶᠠᠨ ᠬᠥᠪᠴᠢᠯᠡᠵᠦ᠂ ᠥᠪᠥᠷ ᠮᠣᠩᠭᠤᠯ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠳᠤ ᠵᠠᠩᠭᠢᠯᠠᠭ᠎ᠠ ᠨᠢ ᠺᠠᠳ᠋ᠷ ᠢ ᠦᠵᠡᠵᠦ᠂ ᠺᠠᠳ᠋ᠷ ᠤᠨ ᠪᠠᠶᠢᠳᠠᠯ᠂ ᠡᠷᠴᠢ ᠵᠣᠷᠢᠭ ᠪᠣᠯᠣᠨ ᠰᠤᠷᠲᠠᠯ ᠢ ᠦᠵᠡᠨ᠎ᠡ᠃ ᠵᠣᠷᠢᠭᠲᠠᠢ ᠪᠠᠷ ᠠᠰᠠᠭᠤᠳᠠᠯ ᠢ ᠬᠦᠴᠦᠯᠡᠨ ᠰᠢᠢᠳᠪᠦᠷᠢᠯᠡᠪᠡᠯ ᠰᠠᠶ᠋ᠢ ᠦᠨᠡᠨ ᠬᠠᠷᠢᠭᠤᠴᠠᠯᠭ᠎ᠠ ᠡᠭᠦᠷᠭᠡᠯᠡᠵᠦ ᠴᠢᠳᠠᠨ᠎ᠠ᠂ ᠬᠦᠴᠢᠷ ᠪᠡᠷᠬᠡᠰᠢᠶᠡᠯ ᠤᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠪᠡᠯ ᠰᠠᠶ᠋ᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠣᠳᠣᠬᠠᠨ ᠳᠤ᠂ ᠮᠠᠨ ᠤ ᠣᠷᠣᠨ ᠤ ᠬᠥᠭᠵᠢᠯᠲᠡ ᠳᠤ ᠪᠠᠰᠠ ᠴᠥᠭᠡᠨ ᠪᠤᠰᠤ ᠪᠡᠷᠬᠡ ᠪᠣᠭᠤᠮᠲᠠ ᠶᠢ ᠲᠤᠭᠤᠯᠬᠤ ᠬᠡᠷᠡᠭᠲᠡᠢ᠂ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠪᠠᠶᠢᠨ᠎ᠠ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠶᠤᠯ ᠲᠦᠭᠰᠢᠭᠦᠷᠢ ᠭᠡᠮ ᠰᠣᠭᠤᠭ ᠢ ᠠᠷᠢᠯᠭᠠᠬᠤ ᠳᠤ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠪᠣᠳᠠᠲᠠᠢ ᠠᠵᠢᠯᠯᠠᠭ᠎ᠠ ᠠᠪᠬᠤ ᠬᠡᠷᠡᠭᠲᠡᠢ᠃ ᠪᠣᠭᠤᠮᠲᠠ ᠰᠢᠪᠲᠤᠯᠬᠤ ᠵᠠᠩᠭᠢᠯᠠᠭ᠎ᠠ ᠶᠢᠨ ᠱᠠᠲᠤᠨ ᠳᠤ ᠣᠷᠣᠬᠤ ᠲᠤᠳᠤᠮ᠂ ᠤᠯᠠᠮ ᠢᠯᠡᠭᠦᠦ ᠦᠷᠭᠦᠯᠵᠢᠯᠡᠨ ᠬᠦᠴᠦᠯᠡᠵᠦ᠂ ᠠᠯᠬᠤᠮ ᠠᠯᠬᠤᠮ ᠢᠶᠠᠷ ᠦᠷ᠎ᠡ ᠪᠦᠳᠤᠮᠵᠢ ᠭᠠᠷᠭᠠᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠩᠭᠢᠯᠠᠭ᠎ᠠ ᠶᠢᠨ ᠴᠠᠭ ᠦᠶ᠎ᠡ ᠪᠣᠯᠬᠤ ᠲᠤᠳᠤᠮ ᠤᠯᠠᠮ ᠨᠠᠷᠢᠨ ᠬᠢᠨᠠᠮᠠᠭᠠᠢ ᠣᠷᠣᠵᠤ ᠬᠠᠲᠠᠭᠤ ᠲᠠᠢ ᠨᠢ ᠬᠠᠯᠳᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭᠤ ᠬᠡᠷᠡᠭᠲᠡᠢ᠃ ᠪᠢᠳᠡ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ︽ᠰᠢᠢᠳᠪᠦᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠢ ᠳᠠᠪᠠᠭᠤ ᠵᠠᠮ ᠢ ᠵᠣᠷᠢᠭᠲᠠᠢ ᠡᠷᠢᠵᠦ᠂ ᠶᠠᠪᠤᠳᠠᠯ ᠤᠴᠢᠷ ᠢ ᠵᠥᠪᠬᠡᠨ ᠰᠠᠶᠢᠲᠤᠷ ᠬᠢᠬᠦ ᠪᠠᠷ ᠠᠷᠭ᠎ᠠ ᠰᠦᠪᠡᠭᠴᠢᠯᠡᠬᠦ ᠠᠴᠠ ᠪᠢᠰᠢ᠂ ᠬᠢᠬᠦ ᠦᠭᠡᠢ ᠪᠠᠶᠢᠬᠤ ᠰᠢᠯᠲᠠᠭ ᠡᠷᠢᠵᠦ ᠪᠤᠯᠬᠤ ᠦᠭᠡᠢ᠂ ᠪᠣᠯᠣᠯᠴᠠᠭ᠎ᠠ ᠦᠭᠡᠢ ᠵᠦᠢᠯ ᠢ ᠪᠣᠯᠣᠯᠴᠠᠭ᠎ᠠ ᠲᠠᠢ ᠪᠤᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠢᠵᠦ᠂ ᠲᠦᠷᠦᠭᠦᠯᠡᠨ ᠭᠠᠪᠰᠢᠭᠠᠶᠢᠯᠠᠵᠤ᠂ ᠤᠳᠤᠷᠢᠳᠬᠤ ᠺᠠᠳ᠋ᠷᠴᠤᠳ ᠮᠠᠩᠯᠠᠶᠢᠯᠠᠬᠤ ᠪᠠᠷ ᠪᠦᠬᠦ ᠨᠡᠶᠢᠭᠡᠮ ᠤᠨ ︽ᠲᠦᠮᠡᠨ ᠠᠭᠲᠠ ᠶᠢᠨ ᠲᠦᠪᠡᠷᠭᠡᠨ︾ ᠢ ᠳᠠᠶᠢᠴᠢᠯᠠᠬᠤ ᠬᠡᠷᠡᠭᠲᠡᠢ᠃         ᠰᠢᠨ᠎ᠡ ᠠᠶᠠᠨ ᠤ ᠬᠡᠬᠡᠨ ᠰᠠᠷᠠᠭᠤᠯ ᠠᠯᠤᠰ ᠢᠷᠡᠭᠡᠳᠦᠢ ᠬᠥᠮᠥᠰ ᠢ ᠡᠷᠡᠯᠬᠡᠭᠯᠡᠨ ᠤᠷᠤᠭᠰᠢᠯᠠᠭᠤᠯᠵᠤ᠂ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠵᠢᠷᠤᠭ ᠲᠥᠰᠥᠪ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ ᠃ ᠥᠪᠥᠷ ᠮᠣᠩᠭᠤᠯ ᠢ ᠨᠡᠩ ᠲᠦᠷᠭᠡᠨ ᠨᠡᠩ ᠰᠠᠶᠢᠨ ᠬᠥᠭᠵᠢᠭᠦᠯᠦᠶ᠎ᠡ ᠭᠡᠪᠡᠯ ᠳᠥᠭᠦᠮ ᠠᠷᠭ᠎ᠠ ᠭᠡᠵᠦ ᠪᠠᠶᠢᠬᠤ ᠦᠭᠡᠢ ᠂ ᠭᠠᠭᠴᠠ ᠬᠦ ᠲᠦᠷᠭᠡᠨ ᠬᠢᠵᠦ ᠶᠡᠭᠡ ᠪᠠᠷ ᠬᠢᠵᠦ᠂ ᠰᠢᠷᠭᠠᠭᠤ ᠠᠵᠢᠯᠯᠠᠵᠤ ᠪᠣᠳᠠᠲᠠᠢ ᠬᠢᠬᠦ ᠯᠠ ᠬᠡᠷᠡᠭᠲᠡᠢ᠃ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠢᠳᠬᠦᠯ ᠴᠢᠷᠮᠠᠶᠢᠯᠭ᠎ᠠ ᠭᠠᠷᠭᠠᠵᠤ᠂ ᠬᠦᠨᠳᠦ ᠡᠭᠦᠷᠭᠡ ᠶᠢ ᠡᠭᠦᠷᠭᠡᠯᠡᠵᠦ᠂ ᠣᠮᠤᠭ ᠪᠠᠳᠠᠷᠠᠩᠭᠤᠢ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠵᠤ᠂ ᠨᠡᠩ ᠪᠣᠳᠠᠲᠠᠢ ᠰᠤᠷᠲᠠᠯ ᠢᠶᠠᠷ ᠠᠵᠢᠯ ᠬᠢᠵᠦ ᠦᠢᠯᠡᠰ ᠪᠦᠲᠦᠭᠡᠵᠦ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠶᠡᠭᠡ ᠬᠥᠭᠵᠢᠯᠲᠡ᠂ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ ᠤᠨ ᠳᠤᠮᠳᠠ ᠲᠦᠪᠰᠢᠨ ᠳᠤ ᠬᠦᠷᠭᠡᠬᠦ ᠬᠠᠷᠠᠯᠲᠠ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号