ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠦᠢᠯᠡᠰ ᠲᠤᠭᠠᠷᠮᠠᠭᠠᠶᠢᠯᠠᠨ ᠤᠷᠤᠯᠴᠠᠵᠦ ᠶᠠᠪᠤᠭ᠎ᠠ ᠨᠢᠭᠡᠳᠦᠭᠡᠷ ᠱᠦᠵᠢ ᠭᠡᠷ᠊
ᠨᠡᠶᠢᠲᠡᠯᠡᠭᠰᠡᠨ ᠴᠠᠭ᠄
2023/7/11
        ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠦᠢᠯᠡᠰ ᠲᠤᠭᠠᠷᠮᠠᠭᠠᠶᠢᠯᠠᠨ ᠤᠷᠤᠯᠴᠠᠵᠦ ᠶᠠᠪᠤᠭ᠎ᠠ ᠨᠢᠭᠡᠳᠦᠭᠡᠷ ᠱᠦᠵᠢ ᠭᠡᠷᠡᠯᠳᠦ                                             ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤᠨ ᠤ ᠪᠠᠶ᠋ᠬᠠᠷᠬᠡᠳᠦ ᠭᠠᠴᠠᠭᠠᠨ ᠤ ᠨᠢᠭᠡᠳᠦᠭᠡᠷ ᠱᠦᠵᠢ ᠭᠡᠷᠡᠯᠳᠦ ᠲᠤᠰᠢᠶᠠᠯ ᠡᠭᠦᠷᠭᠡᠯᠡᠭᠰᠡᠨ ᠠᠴᠠ ᠪᠠᠨ ᠨᠠᠰᠢ᠂ ᠦᠨᠳᠦᠰᠦᠨ ᠱᠠᠲᠤᠨ ᠤ ᠣᠯᠠᠨ ᠲᠦᠮᠡᠨ ᠤ ᠳᠤᠮᠳᠠ ᠬᠦᠨᠵᠡᠭᠡᠶᠢᠷᠡᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠭᠠᠴᠠᠭᠠᠨ ᠤ ︽ᠬᠤᠶᠠᠷ ᠵᠥᠪᠯᠡᠯ︾ ᠢ ᠬᠠᠪᠰᠤᠷᠤᠨ ᠵᠢᠯᠤᠭᠤᠳᠴᠤ ᠡᠯ᠎ᠡ ᠲᠠᠯ᠎ᠠ ᠶᠢᠨ ᠠᠵᠢᠯ ᠢᠶᠠᠨ ᠰᠠᠶᠢᠳᠤᠷ ᠬᠦᠢᠴᠡᠳᠬᠡᠵᠦ ᠢᠷᠡᠭᠰᠡᠨ ᠪᠠᠶᠢᠨ᠎ᠠ᠃
     ᠭᠡᠷᠡᠯᠳᠦ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠤᠨ ᠲᠤᠰᠢᠶᠠᠯ ᠢ ᠬᠠᠷᠢᠭᠤᠴᠠᠵᠦ ᠪᠤᠢ᠃ 2021 ᠣᠨ ᠤ 7 ᠰᠠᠷ᠎ᠠ ᠳᠤ ᠪᠠᠶ᠋ᠬᠠᠷᠬᠡᠳᠦ ᠭᠠᠴᠠᠭᠠᠨ ᠳᠤ ᠬᠦᠷᠬᠦ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠠᠵᠢᠯ ᠪᠦᠬᠦ ᠲᠠᠯ᠎ᠠ ᠪᠠᠷ ᠡᠬᠢᠯᠡᠵᠦ ᠪᠠᠶᠢᠯ᠎ᠠ᠃ ᠴᠠᠭ ᠪᠠᠴᠢᠮ᠂ ᠡᠭᠦᠷᠭᠡ ᠬᠦᠨᠳᠦ ᠪᠠᠶᠢᠳᠠᠯ ᠳᠤ ᠲᠡᠷᠡ ᠪᠠᠷ ᠭᠠᠴᠠᠭᠠᠨ ᠤ ᠡᠭᠦᠷ ᠵᠥᠪᠯᠡᠯ ᠤᠨ ᠪᠦᠷᠢᠯᠳᠦᠭᠦᠨ᠂ ᠨᠠᠮ ᠤᠨ ᠭᠡᠰᠢᠭᠦᠨ ᠭᠤᠤᠯᠳᠠᠯᠭᠠᠳᠤ ᠡᠷᠤᠬᠡ ᠲᠠᠢ ᠨᠢᠭᠲᠠᠷᠠᠨ ᠪᠦᠯᠬᠦᠮᠳᠡᠵᠦ᠂ ᠠᠷᠠᠳ ᠤᠨ ᠲᠤᠮᠳᠠ ᠬᠦᠨᠵᠡᠭᠡᠶᠢᠷᠡᠨ ᠭᠠᠴᠠᠭᠠᠨ ᠤ ᠪᠠᠶᠢᠳᠠᠯ ᠢᠶᠠᠨ ᠣᠶᠢᠯᠠᠭᠠᠵᠤ᠂ ᠠᠵᠢᠯ ᠶᠠᠪᠤᠳᠠᠯ ᠢᠶᠠᠨ ᠨᠠᠷᠢᠨ ᠨᠢᠠᠠᠳᠠ ᠰᠤᠳᠤᠯᠤᠨ ᠪᠠᠶᠢᠷᠢᠯᠠᠭᠤᠯᠵᠤ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠡᠬᠢᠯᠡᠪᠡ᠃   ᠰᠤᠷᠪᠤᠯᠵᠢᠯᠠᠭᠴᠢ᠂ ᠪᠠᠶ᠋ᠬᠠᠷᠬᠡᠳᠦ ᠭᠠᠴᠠᠭᠠᠨ ᠳᠤ ᠬᠦᠷᠬᠦ ᠳᠤ᠂ ᠭᠡᠷᠡᠯᠳᠦ ᠭᠠᠴᠠᠭᠠᠨ ᠤ ᠪᠠᠨ ︽ᠵᠢᠷᠠᠨ ᠱᠠᠭ᠎ᠠ︾ 99 ᠨᠤᠮᠧᠷᠳᠦ ᠥᠷᠲᠡᠭᠡᠨ ᠳᠤ ᠰᠡᠯᠬᠦᠴᠡᠯ ᠤᠨ ᠭᠠᠵᠠᠷ ᠡᠵᠡᠩᠨᠡᠵᠦ ᠪᠠᠶᠢᠭ᠎ᠠ ᠨᠤᠮᠢᠠᠭᠡᠷᠡᠯ ᠤᠨ ᠬᠢᠨ ᠤ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠲᠤᠭᠤᠷᠢᠨ ᠦᠵᠡᠵᠦ ᠪᠠᠶᠢᠯ᠎ᠠ᠃ ᠨᠤᠮᠢᠠᠭᠡᠷᠡᠯ ᠪᠤᠯ ᠭᠠᠴᠠᠭᠠᠨ ᠤ ᠪᠠᠨ ᠦᠢᠯᠡᠴᠢᠯᠡᠭᠡᠨ ᠤ ᠠᠩᠭᠢ ᠳᠤ ᠤᠷᠤᠯᠴᠠᠵᠦ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠡᠷᠦᠭᠡ ᠪᠤᠯᠬᠤ ᠶᠤᠮ᠃ ᠲᠡᠷᠡ ᠪᠠᠷ ᠤᠳᠤ ︽ᠵᠢᠷᠠᠨ ᠱᠠᠭ᠎ᠠ︾ 99 ᠨᠣᠮᠧᠷᠲᠤ ᠦᠷᠳᠡᠭᠡ ᠳᠤ ᠰᠡᠯᠭᠦᠴᠡᠯ ᠤᠨ ᠭᠠᠵᠠᠷ ᠡᠵᠡᠩᠨᠡᠵᠦ ᠪᠠᠶᠢᠭ᠎ᠠ ᠠᠵᠢ᠃
    ᠬᠡᠷᠡᠯᠳᠦ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠴᠢᠬᠤᠯᠠ ᠠᠵᠢᠯ ᠪᠤᠯᠭᠠᠵᠦ ᠠᠳᠬᠤᠭᠰᠠᠭᠠᠷ ᠢᠷᠡᠭᠰᠡᠨ ᠪᠠᠶᠢᠨ᠎ᠠ᠃ ᠲᠡᠷᠡ ᠪᠠᠷ ᠣᠯᠠᠨ ᠲᠠᠢ ᠬᠠᠮᠲᠤ ᠭᠠᠴᠠᠭᠠᠨ ᠤ ᠪᠣᠳᠠᠲᠠᠢ ᠪᠠᠶᠢᠳᠠᠯ ᠢᠶᠠᠨ ᠵᠠᠳᠠᠯᠤᠨ ᠰᠢᠨᠵᠢᠯᠡᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠶᠢ ᠲᠤᠭᠳᠠᠭᠠᠪᠠ᠃ ᠲᠣᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢ ᠨᠢ ᠨᠡᠯᠢᠶᠡᠳ ᠰᠠᠶᠢᠨ ᠪᠣᠯᠪᠠᠴᠤ ᠡᠵᠡᠩᠨᠡᠯᠲᠡ ᠨᠢ ᠵᠣᠬᠢᠰ ᠦᠭᠡᠢ᠂ ᠮᠠᠰᠢᠨᠴᠢᠯᠠᠯᠲᠠ ᠶᠢᠨ ᠬᠡᠮᠵᠢᠶ᠎ᠡ ᠨᠢ ᠥᠨᠳᠥᠷ ᠪᠢᠰᠢ᠂ ᠰᠠᠭᠤᠷᠢ ᠲᠥᠬᠦᠭᠡᠷᠦᠮᠵᠢ ᠨᠢ ᠪᠠᠭᠤᠷᠠᠢ ᠵᠡᠷᠭᠡ ᠠᠰᠠᠭᠤᠳᠠᠯ ᠤᠷᠤᠰᠢᠵᠦ ᠪᠠᠶᠢᠯ᠎ᠠ᠃ ᠡᠨᠡᠬᠦ ᠪᠠᠶᠢᠳᠠᠯ ᠳᠤ ᠴᠢᠭᠯᠡᠭᠦᠯᠦᠨ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠠᠷᠭ᠎ᠠ ᠬᠡᠮᠵᠢᠶ᠎ᠡ ᠠᠪᠴᠤ᠂ 102 ᠲᠦᠮᠡᠨ ᠲᠥᠭᠦᠷᠢᠭ ᠤᠨ ᠬᠠᠮᠲᠤ ᠶᠢᠨ ᠠᠵᠤ ᠦᠢᠯᠡᠰ ᠤᠨ ᠬᠥᠭᠵᠢᠯᠲᠡ ᠶᠢᠨ ᠲᠦᠰᠦᠯ ᠪᠠ 624 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠳᠤᠯᠠᠭᠠᠨ ᠫᠧᠩ ᠡᠷᠡᠮᠡᠯᠵᠡᠯᠡᠨ ᠤᠯᠵᠤ᠂ ᠨᠢᠳᠤᠨᠤᠨ ᠤ 8 ᠰᠠᠷ᠎ᠠ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠᠨ ᠪᠠᠶᠢᠭᠤᠯᠤᠨ ᠲᠠᠭᠤᠰᠬᠠᠵᠦ᠂ ᠡᠪᠡᠰᠦ ᠬᠠᠮᠤᠬᠤ ᠮᠠᠰᠢᠨ᠂ ᠲᠷᠠᠺᠲ᠋ᠣᠷ᠂ ᠡᠪᠡᠰᠦ ᠪᠣᠭᠤᠵᠢᠯᠠᠬᠤ ᠮᠠᠰᠢᠨ᠂ ᠬᠡᠮᠬᠡᠯᠡᠬᠦ ᠮᠠᠰᠢᠨ᠂ ᠤᠶᠤᠨᠴᠢᠯᠠᠭᠰᠠᠨ ᠮᠠᠯᠵᠢᠯ ᠤᠨ ᠲᠠᠯᠠᠪᠠᠢ ᠶᠢᠨ ᠪᠡᠯᠡᠳᠬᠡᠯ ᠲᠥᠬᠦᠭᠡᠷᠦᠮᠵᠢ ᠶᠢ ᠪᠦᠷᠢᠨᠰᠢᠭᠦᠯᠦᠨ ᠬᠠᠮᠳᠤ ᠶᠢᠨ ᠠᠵᠤ ᠠᠬᠤᠢ ᠪᠠᠨ ᠬᠦᠭᠵᠢᠯᠳᠡ ᠶᠢᠨ ᠲᠡᠷᠳᠡᠩ ᠵᠠᠮ ᠳᠤ ᠤᠷᠤᠭᠤᠯᠤᠭᠰᠠᠨ ᠢᠶᠠᠷ ᠲᠤᠬᠠᠢ ᠶᠢᠨ ᠵᠢᠯ ᠤᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 31 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10 ᠲᠦᠮᠡᠨ ᠲᠥᠭᠦᠷᠢᠭ ᠨᠡᠮᠡᠭᠳᠡᠭᠰᠡᠨ ᠪᠠᠶᠢᠨ᠎ᠠ᠃    ᠬᠡᠷᠡᠯᠳᠦ ᠪᠣᠯ ᠪᠠᠰᠠ ᠴᠤ ᠨᠠᠮ ᠤᠨ ᠪᠠᠶᠢᠭᠤᠯᠤᠯᠲᠠ ᠶᠢᠨ ᠰᠠᠶᠢᠨ ᠳᠠᠭᠠᠭᠤᠯᠤᠭᠴᠢ ᠶᠤᠮ᠃ ᠲᠡᠭᠦᠨ ᠤ ᠵᠢᠯᠣᠭᠤᠳᠤᠯᠭ᠎ᠠ ᠪᠠ ᠴᠢᠷᠮᠠᠶᠢᠯᠭ᠎ᠠ ᠪᠠᠷ ᠪᠠᠶ᠋ᠬᠠᠷᠬᠡᠳᠦ ᠭᠠᠴᠠᠭ᠎ᠠ ᠨᠢ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠨ ᠰᠢᠨᠡᠳᠬᠡᠨ ᠪᠠᠶᠢᠭᠤᠯᠵᠤ᠂ ᠠᠵᠢᠯ ᠤᠨ ᠲᠠᠩᠰᠠ ᠡᠪᠬᠡᠮᠡᠯ ᠢᠶᠠᠨ ᠪᠠᠶᠢᠭᠤᠯᠤᠨ ᠪᠦᠷᠢᠨᠰᠢᠭᠦᠯᠵᠦ᠂ ︽ᠲᠥᠪᠯᠡᠷᠡᠭᠦᠯᠦᠨ ᠭᠦᠢᠴᠡᠳᠬᠡᠬᠦ ᠡᠳᠦᠷ + ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠣᠷᠣᠯᠠᠨ ᠭᠦᠢᠴᠡᠳᠬᠡᠬᠦ ᠴᠡᠭ + ︿ᠬᠤᠶᠠᠷ ᠵᠥᠪᠯᠡᠯ﹀  ᠤᠨ ᠪᠦᠷᠢᠯᠳᠦᠭᠦᠨ ᠪᠦᠬᠦ ᠶᠠᠪᠤᠴᠠ ᠪᠠᠷ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠪᠡ᠃ ᠡᠶᠢᠨᠬᠦ ᠬᠡᠷᠡᠯᠳᠦ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠪᠡᠶᠡᠴᠢᠯᠡᠨ ᠤᠷᠤᠯᠴᠠᠵᠦ᠂ ᠨᠠᠮ ᠤᠨ ᠬᠡᠰᠢᠬᠦᠨ ᠤ ᠡᠭᠦᠷᠭᠡ ᠬᠠᠷᠢᠭᠤᠴᠠᠯᠭ᠎ᠠ ᠪᠠᠨ ᠬᠢᠯᠠᠯᠵᠠᠳᠠᠯ᠎ᠠ ᠰᠠᠶᠢᠬᠠᠨ ᠪᠡᠶᠡᠯᠡᠭᠦᠯᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号