ᠲᠠᠭᠤᠴᠢᠳ ᠮᠠᠨᠢ ᠮᠠᠰᠢ ᠰᠠᠶᠢᠨ  ᠮᠦᠷᠦᠶᠢᠴᠡᠯ᠎ᠡ
ᠨᠡᠶᠢᠲᠡᠯᠡᠭᠰᠡᠨ ᠴᠠᠭ᠄
2023/7/12
                ᠲᠠᠭᠤᠴᠢᠳ ᠮᠠᠨᠢ ᠮᠠᠰᠢ ᠰᠠᠶᠢᠨ  ᠮᠦᠷᠦᠶᠢᠴᠡᠯ᠎ᠡ                                                        7 ᠰᠠᠷ᠎ᠠ   ᠶᠢᠨ  8 ᠤ  ᠡᠲᠦᠷ᠂  ᠰᠢᠯᠢᠩᠬᠤᠲᠠ ᠳᠤ ᠶᠠᠪᠤᠭᠳᠠᠭᠰᠠᠨ  ᠲᠦᠷᠪᠡᠳᠦᠭᠡᠷ ᠬᠤᠭᠤᠴᠠᠭᠠᠨ ᠤ  ︽ᠯᠾᠠᠵᠠᠪ︾  ᠬᠤᠨᠳᠠᠭᠠᠲᠤ ᠮᠤᠩᠭᠤᠯ ᠦᠨᠳᠦᠰᠦᠲᠡᠨ ᠤ ᠤᠷᠲᠤ ᠶᠢᠨ ᠲᠠᠭᠤᠤ᠂ ᠴᠤᠭᠤᠷ ᠲᠠᠭᠤᠤ ᠶᠢᠨ ᠤᠷᠤᠯᠳᠤᠭᠠᠨ ᠳᠤ ᠬᠤᠷᠴᠠ ᠰᠢᠷᠦᠬᠦᠨ ᠦᠷᠢᠰᠦᠯᠳᠦᠭᠡᠨ ᠢᠶᠠᠷ ᠲᠠᠮᠵᠢᠨ᠂ ᠤᠷᠲᠤ ᠶᠢᠨ ᠲᠠᠭᠤᠨ ᠤ ᠲᠤᠭᠤᠶᠢᠯᠠᠩ  ᠳᠤ ᠪᠠᠷᠠᠭᠤᠨ ᠦᠵᠦᠮᠦᠴᠢᠨ ᠬᠤᠰᠢᠭᠤ ᠪᠠᠷ ᠨᠤᠳᠤᠭᠲᠠᠢ ᠡᠷᠬᠢᠮᠪᠠᠶᠠᠷ ᠨᠢᠭᠡᠳᠦᠭᠡᠷ ᠲᠡᠰ ᠲᠤ ᠦᠵᠦᠭᠦᠷᠯᠡᠵᠦ᠂ ᠠᠶᠤᠤᠷᠰᠠᠨᠠᠭ᠎ᠠ᠂ ᠤᠷᠠᠨᠵᠢᠷᠤᠭ ᠭᠤᠷᠪᠠᠳᠤᠭᠠᠷ ᠲᠡᠰ ᠲᠤ ᠲᠤᠳᠤᠷᠠᠨ᠂ ᠴᠢᠨᠳᠠᠮᠤᠨᠢ ᠰᠢᠯᠢᠳᠡᠭ ᠲᠡᠰ ᠤᠨ ᠱᠠᠩᠨᠠᠯ ᠭᠠᠷᠳᠠᠵᠤ᠂ ᠴᠤᠭᠤᠷ ᠲᠠᠭᠤᠤ ᠶᠢᠨ ᠲᠤᠭᠤᠶᠢᠯᠠᠩ ᠳᠤ ᠪᠠᠷᠠᠭᠤᠨ ᠦᠵᠦᠮᠦᠴᠢᠨ ᠬᠤᠰᠢᠭᠤ ᠪᠠᠷ ᠨᠤᠳᠤᠭᠲᠠᠢ ᠡ᠊᠂ ᠪᠦᠬᠡᠪᠠᠶᠠᠷ ᠬᠤᠶᠠᠳᠤᠭᠠᠷ ᠲᠡᠰ ᠤᠨ ᠱᠠᠩᠨᠠᠯ  ᠭᠠᠷᠳᠠᠭᠰᠠᠨ ᠬᠠᠯᠠᠭᠤᠨ ᠴᠢᠮᠡᠭᠡ ᠶᠢ ᠲᠤᠭᠤᠯᠭᠠᠯ᠎ᠠ᠃
 
 
   ᠤᠶᠢᠯᠠᠭᠠᠭᠰᠠᠨ ᠢᠶᠠᠷ᠂  ᠲᠤᠰ ᠤᠳᠠᠭᠠᠨ ᠤ ᠤᠷᠤᠯᠳᠤᠭᠠᠨ ᠢ ᠰᠢᠯᠢᠩᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ ᠪᠤᠯᠤᠨ ᠰᠢᠯᠢᠩᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠣᠯᠯᠠᠨ  ᠡᠷᠬᠢᠯᠡᠵᠦ᠂ ᠰᠢᠯᠢᠩᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ︵ᠰᠣᠶᠣᠯ ᠤᠨ ᠣᠷᠳᠣᠨ︶   ᠠᠴᠠ ᠲᠠᠭᠠᠭᠠᠴᠢᠯᠠᠨ  ᠡᠷᠬᠢᠯᠡᠨ᠂ ᠰᠢᠯᠢᠩᠬᠤᠲᠠ ᠶᠢᠨ  ᠴᠤᠭᠤᠷ ᠲᠠᠭᠤᠤ ᠶᠢᠨ ᠨᠡᠶᠢᠭᠡᠮᠯᠢᠭ ᠠᠴᠠ ᠬᠠᠮᠵᠢᠨ ᠡᠷᠬᠢᠯᠡᠭᠰᠡᠨ  ᠪᠦᠬᠦ ᠠᠶᠢᠮᠠᠭ ᠤᠨ ᠬᠡᠪᠴᠢᠶᠡᠨ ᠤ  ᠡᠯ᠎ᠡ ᠬᠤᠰᠢᠭᠤ ᠰᠢᠶᠠᠨ ᠠᠴᠠ ᠨᠡᠶᠢᠲᠡ 60 ᠭᠠᠷᠤᠢ ᠲᠠᠭᠤᠴᠢᠳ  ᠲᠠᠭᠤᠤ ᠬᠤᠭᠤᠯᠠᠢ᠂  ᠤᠷ᠎ᠠ ᠮᠡᠷᠭᠡᠵᠢᠯ ᠢᠶᠠᠨ ᠰᠢᠯᠭᠠᠯᠴᠠᠭᠰᠠᠨ ᠤᠷᠤᠯᠳᠤᠭᠠᠨ  ᠪᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠳᠡᠯᠡᠬᠡᠢ  ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᡺ᠮᠣᠩᠭᠤᠯ ᠦᠨᠳᠦᠰᠦᠲᠡᠨ ᠤ ᠤᠷᠲᠤ  ᠶᠢᠨ ᠳᠠᠭᠤᠤ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠴᠤᠭᠤᠷ ᠲᠠᠭᠤᠤ ᠶᠢᠨ ᠤᠯᠠᠮᠵᠢᠯᠠᠨ ᠵᠠᠯᠭᠠᠮᠵᠢᠯᠠᠬᠤ  ᠶᠢ ᠤᠯᠠᠮ  ᠴᠢᠨᠠᠭᠰᠢᠲᠠ ᠲᠦᠭᠡᠮᠡᠯᠵᠢᠬᠦᠯᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠨ  ᠪᠠᠳᠠᠷᠠᠭᠤᠯᠤᠨ ᠵᠠᠯᠭᠠᠮᠵᠢᠯᠠᠬᠤ ᠶᠢᠨ ᠲᠤᠰᠠᠲᠠ ᠶᠠᠪᠤᠭᠳᠠᠭᠤᠯᠤᠭᠰᠠᠨ ᠤᠷᠤᠯᠳᠤᠭᠠᠨ  ᠪᠤᠯᠤᠨ᠎ᠠ᠃              
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号