ᠮᠠᠨ ᠤ ᠬᠤᠶᠠᠷ ᠱᠤᠭᠴᠢᠨ ᠲᠡᠷᠢᠬᠦᠨ ᠪᠠᠶᠢᠷᠢᠨ ᠳᠤ ᠲᠤᠳᠤᠷᠠᠯ᠎ᠠ
ᠨᠡᠶᠢᠲᠡᠯᠡᠭᠰᠡᠨ ᠴᠠᠭ᠄
2023/7/12
                 ᠮᠠᠨ ᠤ ᠬᠤᠶᠠᠷ ᠱᠤᠭᠴᠢᠨ ᠲᠡᠷᠢᠬᠦᠨ ᠪᠠᠶᠢᠷᠢᠨ ᠳᠤ ᠲᠤᠳᠤᠷᠠᠯ᠎ᠠ                                                            6 ᠰᠠᠷ᠎ᠠ   ᠶᠢᠨ  30 ᠤ  ᠡᠲᠦᠷ ᠠᠴᠠ 7 ᠰᠠᠷ᠎ᠠ ᠶᠢᠨ 3 ᠤ ᠡᠲᠦᠷ ᠬᠦᠷᠳᠡᠯᠡᠬᠢ ᠬᠤᠭᠤᠴᠠᠭᠠᠨ ᠳᠤ ᠤᠯᠠᠭᠠᠠᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠳᠤ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠭᠤᠤᠷᠢᠯᠢᠭ ᠤᠨ ᠨᠠᠶᠢᠷ   ᠲᠤ᠂  ᠪᠠᠷᠠᠭᠤᠨ ᠦᠵᠦᠮᠦᠴᠢᠨ  ᠬᠤᠰᠢᠭᠤᠨ ᠤ ᠵᠢᠷ ᠤᠨ ᠭᠤᠤᠯ  ᠪᠠᠯᠭᠠᠰᠤᠨ ᠤ ᠠᠯᠳᠠᠳᠤ ᠭᠠᠴᠠᠭ᠎ᠠ ᠪᠠᠷ  ᠨᠤᠳᠤᠭᠳᠠᠢ ᠨᠠᠰᠤᠡᠪᠠᠶᠠᠷ ᠪᠤᠯᠤᠨ ᠬᠤᠰᠢᠭᠤ ᠲᠡᠰ ᠤᠨ ᠱᠤᠭ ᠶᠠᠷᠢᠶᠠᠨ ᠤ ᠦᠪᠯᠡᠨ ᠤᠯᠠᠮᠵᠢᠯᠠᠭᠴᠢ ᠨᠠᠰᠤᠨᠵᠢᠷᠭᠠᠯ ᠬᠤᠶᠠᠷ ︽ᠲᠦᠬᠦᠮ ᠦᠭᠡ︾ ᠭᠡᠬᠦ ᠱᠤᠭ ᠶᠠᠷᠢᠶ᠎ᠠ ᠪᠠᠷ ᠢᠶᠠᠨ ᠲᠤᠰᠬᠠᠢ ᠮᠡᠷᠬᠡᠵᠢᠯ ᠤᠨ ᠲᠤᠭᠤᠶᠢᠯᠠᠩ   ᠳᠤ  ᠬᠤᠷᠴᠠ ᠰᠢᠷᠦᠬᠦᠨ ᠦᠷᠢᠰᠦᠯᠳᠦᠭᠡᠨ ᠢᠶᠠᠷ ᠲᠠᠮᠵᠢᠨ ᠨᠢᠭᠡᠳᠦᠭᠡᠷ ᠲᠡᠰ ᠤᠨ ᠱᠠᠩᠨᠠᠯ  ᠭᠠᠷᠳᠠᠭᠰᠠᠨ ᠬᠠᠯᠠᠭᠤᠨ ᠴᠢᠮᠡᠭᠡ ᠶᠢ ᠲᠤᠭᠤᠯᠭᠠᠯ᠎ᠠ᠃
   ᠤᠶᠢᠯᠠᠭᠠᠭᠰᠠᠨ ᠢᠶᠠᠷ᠂  ᠲᠤᠰ ᠤᠳᠠᠭᠠᠨ ᠤ ᠲᠠᠭᠤᠤᠷᠢᠯᠢᠭ ᠤᠨ ᠨᠠᠶᠢᠷ ᠨᠢ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠤᠯᠤᠨ ᠤᠯᠠᠭᠠᠠᠬᠠᠲᠠ ᠬᠤᠲᠠ ᠶᠢᠨ ᠵᠠᠰᠠᠭ ᠤᠨ ᠤᠷᠳᠤᠨ ᠠᠴᠠ ᠭᠤᠤᠯᠯᠠᠨ  ᠡᠷᠬᠢᠯᠡᠵᠦ  ᠂  ᠭᠤᠷᠪᠠᠨ ᠡᠲᠦᠷ ᠤᠨ   ᠬᠤᠭᠤᠴᠠᠭᠠᠨ ᠳᠤ ᠢᠷᠦᠭᠡᠯ ᠮᠠᠭᠳᠠᠭᠠᠯ᠂ ᠲᠠᠭᠠᠷᠢᠯᠴᠠᠭ᠎ᠠ᠂ ᠦᠯᠢᠭᠡᠷ᠂ ᠲᠤᠤᠯᠢ᠂ ᠬᠤᠯᠪᠤᠭ᠎ᠠ᠂ ᠱᠤᠭ ᠶᠠᠷᠢᠶ᠎ᠠ ᠵᠡᠷᠭᠡ ᠤᠷᠤᠨ ᠨᠤᠳᠤᠭ ᠤᠨ ᠤᠨᠴᠠᠯᠢᠭ ᠪᠦᠬᠦᠢ ᠦᠪᠦᠷ ᠮᠤᠩᠭᠤᠯ ᠤᠨ ᠲᠠᠭᠤᠤᠷᠢᠯᠢᠭ ᠤᠨ ᠲᠦᠷᠦᠯ ᠢ ᠬᠠᠮᠤᠷᠴᠦ᠂ ᠦᠷᠭᠡᠨ ᠤᠯᠠᠨ ᠲᠦᠮᠡᠨ ᠳᠤ ᠦᠨᠳᠦᠷ ᠬᠢᠷᠢ ᠲᠦᠪᠰᠢᠨ ᠪᠦᠬᠦᠢ ᠲᠠᠭᠤᠤᠷᠢᠯᠢᠭ ᠤᠨ ᠦᠪᠡᠳᠡᠭᠰᠢ ᠨᠠᠶᠢᠷ  ᠢ ᠬᠠᠷᠠᠭᠤᠯᠤᠭᠰᠠᠨ ᠪᠠᠶᠢᠳᠠᠭ᠃        ︵ᠵᠢᠷᠤᠭ ᠰᠡᠭᠦᠳᠡᠷ ᠢ ᠨᠠᠰᠤᠨᠵᠢᠷᠭᠠᠯ ᠬᠠᠩᠭᠠᠪᠠ︶
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号