ᠰᠠᠶᠢᠬᠠᠠᠨᠠᠭᠤᠷ ᠭᠠᠴᠠᠭ᠎ᠠ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ ᠮᠠᠰᠢᠨ  ᠲᠤᠨᠤᠭᠯᠠᠯ  ᠢ ᠤᠷᠤᠭᠤᠯᠵᠤ ᠭᠡᠷᠡᠭᠯᠡᠯᠲᠡ ᠳᠤ ᠤᠷᠤᠭᠤᠯᠪᠠ
ᠨᠡᠶᠢᠲᠡᠯᠡᠭᠰᠡᠨ ᠴᠠᠭ᠄
2023/7/12
ᠰᠠᠶᠢᠬᠠᠠᠨᠠᠭᠤᠷ ᠭᠠᠴᠠᠭ᠎ᠠ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ ᠮᠠᠰᠢᠨ  ᠲᠤᠨᠤᠭᠯᠠᠯ   ᠢ ᠤᠷᠤᠭᠤᠯᠵᠤ ᠭᠡᠷᠡᠭᠯᠡᠯᠲᠡ ᠳᠤ ᠤᠷᠤᠭᠤᠯᠪᠠ                                          ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ  ᠪᠠᠶᠠᠠᠬᠤᠰᠢᠭᠤ ᠰᠤᠮᠤᠨ ᠤ  ᠰᠠᠶᠢᠬᠠᠠᠨᠠᠭᠤᠷ ᠭᠠᠴᠠᠭ᠎ᠠ ᠥᠪᠥᠷ ᠮᠣᠩᠭᠤᠯ ᠤᠨ ᠮᠧᠩ ᠶᠤᠸᠠᠨ  ᠮᠠᠯ ᠠᠵᠤ ᠠᠬᠤᠢ ᠶᠢᠨ  ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ  ᠤᠨ ᠬᠢᠵᠠᠭᠠᠷᠲᠤ ᠺᠣᠮᠫᠠᠨᠢ ᠠᠴᠠ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ  ᠤ ᠮᠠᠰᠢᠨ  ᠲᠤᠨᠤᠭᠯᠠᠯ ᠢ ᠤᠷᠤᠭᠤᠯᠵᠤ ᠭᠡᠷᠡᠭᠯᠡᠯᠲᠡ ᠳᠤ ᠤᠷᠤᠭᠤᠯᠤᠭᠰᠠᠨ ᠪᠠᠶᠢᠨ᠎ᠠ᠃   ᠰᠤᠷᠪᠤᠯᠵᠢᠯᠠᠭᠴᠢ ᠰᠠᠶᠢᠬᠠᠠᠨᠠᠭᠤᠷ ᠭᠠᠴᠠᠭᠠᠨ ᠤ  ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠳᠤ ᠬᠦᠷᠬᠦ ᠳᠤ᠂ 1400 ᠲᠡᠭᠰᠢ ᠳᠥᠷᠪᠡᠯᠵᠢᠨ ᠮᠧᠲᠷ ᠤᠨ ᠠᠭᠤᠵᠢᠮ ᠰᠠᠷᠠᠭᠤᠯ ᠫᠧᠩ ᠰᠠᠷᠠᠪᠴᠢ  ᠂ ᠪᠠᠷᠢᠮᠵᠢᠶᠠᠵᠢᠭᠰᠠᠨ ᠦᠬᠡᠷ ᠲᠡᠵᠢᠭᠡᠬᠦ ᠲᠠᠯᠠᠪᠠᠢ ᠳᠤ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ ᠮᠠᠰᠢᠨ ᠲᠤᠨᠤᠭᠯᠠᠯ   ᠢ ᠠᠵᠢᠯᠯᠠᠭᠤᠯᠵᠤ  ᠂ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠠᠦ᠋ᠲ᠋ᠣᠴᠢᠯᠠᠯᠲᠠ ᠶᠢ ᠪᠡᠶᠡᠯᠡᠭᠦᠯᠵᠦ᠂ ᠬᠥᠳᠡᠯᠮᠦᠷᠢ ᠬᠦᠴᠦᠨ ᠢ ᠴᠢᠯᠦᠭᠡᠯᠡᠨ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠬᠥᠭᠵᠢᠯᠲᠡ ᠶᠢ  ᠠᠬᠢᠭᠤᠯᠵᠤ ᠪᠠᠶᠢᠭ᠎ᠠ ᠪᠠᠶᠢᠳᠠᠯ ᠢ ᠰᠤᠷᠪᠤᠯᠵᠢᠯᠠᠨ ᠤᠶᠢᠯᠠᠭᠠᠯ᠎ᠠ᠃ ᠣᠶᠢᠯᠠᠭᠠᠭᠰᠠᠨ ᠢᠶᠠᠷ᠂ ᠰᠠᠶᠢᠬᠠᠠᠨᠠᠭᠤᠷ ᠭᠠᠴᠠᠭ᠎ᠠ ᠬᠠᠮᠲᠤ ᠶᠢᠨ ᠠᠵᠤ ᠠᠬᠤᠢ ᠶᠢᠨ ᠣᠷᠣᠯᠭ᠎ᠠ ᠠᠴᠠ ᠪᠠᠨ 20 ᠭᠠᠷᠤᠢ ᠲᠦᠮᠡᠨ ᠲᠥᠭᠦᠷᠢᠭ ᠭᠠᠷᠭᠠᠵᠤ᠂ ᠥᠪᠥᠷ ᠮᠣᠩᠭᠤᠯ ᠤᠨ ᠮᠧᠩ ᠶᠤᠸᠠᠨ ᠮᠠᠯ ᠠᠵᠤ ᠠᠬᠤᠢ ᠶᠢᠨ  ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠲᠤᠰᠬᠠᠢ ᠠᠰᠢᠭ ᠤᠨ ᠪᠦᠲᠦᠭᠡᠭᠳᠡᠬᠦᠨ᠂ ᠲᠣᠭᠠᠴᠢᠯᠠᠭᠰᠠᠨ ᠬᠠᠮᠢᠶᠠᠷᠤᠯᠲᠠ᠂ ᠠᠯᠤᠰ ᠠᠴᠠ ᠡᠵᠡᠮᠳᠡᠬᠦ᠂ ᠠᠦ᠋ᠲ᠋ᠣ᠋ ᠮᠠᠲ᠋ᠧᠷᠢᠶᠠᠯ ᠣᠷᠣᠭᠤᠯᠬᠤ᠂ ᠬᠡᠷᠴᠢᠵᠦ ᠨᠤᠬᠤᠬᠤ᠂ ᠵᠢᠭᠤᠷᠠᠵᠤ ᠵᠢᠭᠤᠷᠠᠬᠤ᠂ ᠴᠡᠪᠡᠷᠯᠡᠨ ᠠᠷᠢᠭᠤᠳᠬᠠᠬᠤ᠂  ᠪᠤᠷᠳᠤᠨ ᠲᠡᠵᠢᠭᠡᠬᠦ ᠶᠢ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ  ᠲᠡᠵᠢᠭᠡᠯ ᠪᠤᠷᠳᠤᠭᠠᠨ ᠤ ᠮᠠᠰᠢᠨ  ᠲᠤᠨᠤᠭᠯᠠᠯ   ᠢ ᠤᠷᠤᠭᠤᠯᠵᠤ᠂ ᠨᠢᠭᠡ ᠯᠡ ᠭᠠᠷ ᠤᠲᠠᠰᠤ ᠪᠠᠷ ᠡᠪᠡᠰᠦ ᠪᠣᠷᠳᠤᠭ᠎ᠠ ᠶᠢ ᠲᠡᠵᠢᠭᠡᠬᠦ᠂ ᠤᠰᠤ ᠬᠠᠩᠭᠠᠬᠤ  ᠶᠢ ᠪᠡᠶᠡᠯᠡᠭᠦᠯᠵᠦ ᠪᠣᠯᠬᠤ ᠪᠥᠭᠡᠳ ᠪᠠᠰᠠ ᠡᠳᠦᠷ ᠪᠦᠷᠢ ᠬᠠᠮᠢᠶᠠᠷᠤᠯᠲᠠ ᠶᠢᠨ ᠲᠠᠪᠴᠠᠩ ᠠᠴᠠ ᠦᠬᠡᠷ ᠤᠨ ᠰᠦᠷᠦᠭ ᠤᠨ ᠬᠥᠳᠡᠯᠦᠩᠭᠦᠢ ᠪᠠᠶᠢᠳᠠᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠤᠶᠢᠯᠠᠭᠠᠨ  ᠮᠡᠳᠡᠵᠦ᠂ ᠡᠳᠦᠷ ᠪᠦᠷᠢ ᠶᠢᠨ ᠪᠣᠳᠠᠲᠠᠢ ᠲᠡᠵᠢᠭᠡᠯ ᠪᠣᠷᠳᠣᠭᠠᠨ ᠤ ᠲᠥᠷᠥᠯ ᠵᠦᠢᠯ᠂ ᠲᠤᠭ᠎ᠠ ᠬᠡᠮᠵᠢᠶᠡᠨ ᠤ ᠨᠠᠷᠢᠨ ᠲᠤᠳᠤᠷᠬᠠᠢ ᠲᠡᠮᠳᠡᠭᠯᠡᠯ   ᠲᠠᠢ  ᠪᠠᠶᠢᠯ᠎ᠠ᠃    ᠬᠠᠮᠢᠶᠠᠷᠤᠯᠳᠠ ᠶᠢᠨ  ᠲᠠᠪᠴᠠᠩ ᠠᠴᠠ ᠦᠬᠡᠷ ᠨᠢᠭᠡᠪᠦᠷᠢ ᠶᠢᠨ ᠡᠷᠡᠭᠦᠯ ᠮᠡᠨᠳᠦ ᠶᠢᠨ ᠪᠠᠶᠢᠳᠠᠯ ᠢ  ᠲᠣᠳᠣᠷᠬᠠᠢ ᠤᠶᠢᠯᠠᠭᠠᠵᠤ᠂  ᠲᠣᠭᠠᠴᠢᠯᠠᠭᠰᠠᠨ ᠦᠬᠡᠷ ᠲᠡᠵᠢᠭᠡᠬᠦ ᠵᠠᠭᠪᠤᠷ ᠢ ᠪᠣᠶ ᠪᠣᠯᠭᠠᠵᠤ᠂  ᠦᠬᠡᠷ ᠤᠨ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠠᠬᠢᠭᠤᠯᠤᠨ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠳᠤ ᠵᠢᠱᠢᠶ᠎ᠡ ᠦᠵᠡᠬᠦᠯᠬᠦ ᠲᠤᠷᠰᠢᠯᠲᠠ ᠶᠢᠨ ᠴᠡᠭ ᠤᠨ ᠦᠢᠯᠡᠳᠦᠯ ᠢ ᠬᠦᠢᠴᠡᠳ  ᠪᠠᠳᠠᠷᠠᠭᠤᠯᠵᠤ ᠪᠤᠢ᠃    ᠮᠧᠬᠠᠨᠢᠭᠵᠢᠯᠲᠠ ᠪᠣᠯ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠣᠳᠠᠰ ᠤᠨ ᠰᠠᠭᠤᠷᠢ   ᠶᠢᠨ ᠴᠢᠬᠤᠯᠠ ᠪᠡᠯᠭᠡ ᠲᠡᠮᠳᠡᠭ ᠮᠥᠨ᠃ ᠰᠠᠶᠢᠬᠠᠠᠨᠠᠭᠤᠷ ᠭᠠᠴᠠᠭᠠᠨ ᠤ ᠮᠠᠯᠵᠢᠬᠤ ᠣᠷᠣᠨ ᠤ ᠣᠳᠣᠬᠢᠴᠢᠯᠠᠭᠰᠠᠨ ᠮᠠᠯ ᠠᠵᠤ ᠠᠬᠤᠢ ᠶᠢᠨ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ  ᠲᠡᠵᠢᠭᠡᠯ ᠪᠤᠷᠳᠤᠭᠠᠨ ᠤ ᠮᠠᠰᠢᠨ  ᠲᠤᠨᠤᠭᠯᠠᠯ   ᠢ  ᠭᠡᠷᠡᠭᠯᠡᠯᠲᠡ ᠳᠤ ᠤᠷᠤᠭᠤᠯᠤᠭᠰᠠᠨ ᠨᠢ  ᠥᠷᠭᠡᠨ ᠣᠯᠠᠨ ᠮᠠᠯᠴᠢᠨ ᠲᠦᠮᠡᠨ ᠤ ᠮᠠᠰᠢᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠬᠡᠷᠡᠭᠴᠡᠭᠡ ᠶᠢ ᠦᠨᠡᠨᠬᠦ ᠰᠢᠢᠳᠪᠦᠷᠢᠯᠡᠵᠦ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ ᠶᠢ ᠲᠦᠭᠡᠮᠡᠯᠵᠢᠭᠦᠯᠵᠦ᠂ ᠮᠠᠯᠵᠢᠬᠤ ᠣᠷᠣᠨ ᠤ ᠬᠥᠳᠡᠯᠮᠦᠷᠢ ᠶᠢᠨ ᠱᠠᠭᠠᠷᠳᠠᠯᠭ᠎ᠠ ᠶᠡᠭᠡ᠂ ᠬᠥᠳᠡᠯᠮᠦᠷᠢ ᠶᠢᠨ ᠥᠪᠡᠷ ᠤᠨ ᠥᠷᠲᠡᠭ ᠥᠨᠳᠥᠷ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢ ᠰᠠᠶᠢᠵᠢᠷᠠᠭᠤᠯᠤᠨ᠂ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠮᠠᠰᠢᠨᠴᠢᠯᠠᠭᠰᠠᠨ ᠦᠢᠯᠡᠳᠪᠦᠷᠢᠯᠡᠯ ᠢ ᠳᠡᠭᠡᠭᠰᠢᠯᠡᠭᠦᠯᠵᠦ᠂ ᠮᠠᠯ  ᠠᠵᠤ ᠠᠬᠤᠢ ᠪᠠ ᠮᠠᠯᠵᠢᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠤᠳᠠᠳᠤ ᠬᠦᠴᠦᠨ ᠨᠡᠮᠡᠷᠢᠯᠡᠬᠦ   ᠶᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号