ᠰᠠᠶᠢᠬᠠᠠᠨᠠᠭᠤᠷ ᠭᠠᠴᠠᠭ᠎ᠠ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ | ᠮᠠᠰᠢᠨ ᠲᠤᠨᠤᠭᠯᠠᠯ ᠢ ᠤᠷᠤᠭᠤᠯᠵᠤ ᠭᠡᠷᠡᠭᠯᠡᠯᠲᠡ ᠳᠤ ᠤᠷᠤᠭᠤᠯᠪᠠ | | ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠰᠠᠶᠢᠬᠠᠠᠨᠠᠭᠤᠷ | ᠭᠠᠴᠠᠭ᠎ᠠ ᠥᠪᠥᠷ ᠮᠣᠩᠭᠤᠯ ᠤᠨ ᠮᠧᠩ ᠶᠤᠸᠠᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠬᠢᠵᠠᠭᠠᠷᠲᠤ ᠺᠣᠮᠫᠠᠨᠢ ᠠᠴᠠ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ | ᠤ ᠮᠠᠰᠢᠨ ᠲᠤᠨᠤᠭᠯᠠᠯ ᠢ ᠤᠷᠤᠭᠤᠯᠵᠤ ᠭᠡᠷᠡᠭᠯᠡᠯᠲᠡ ᠳᠤ ᠤᠷᠤᠭᠤᠯᠤᠭᠰᠠᠨ ᠪᠠᠶᠢᠨ᠎ᠠ᠃ | ᠰᠤᠷᠪᠤᠯᠵᠢᠯᠠᠭᠴᠢ ᠰᠠᠶᠢᠬᠠᠠᠨᠠᠭᠤᠷ ᠭᠠᠴᠠᠭᠠᠨ ᠤ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠳᠤ | ᠬᠦᠷᠬᠦ ᠳᠤ᠂ 1400 ᠲᠡᠭᠰᠢ ᠳᠥᠷᠪᠡᠯᠵᠢᠨ ᠮᠧᠲᠷ ᠤᠨ ᠠᠭᠤᠵᠢᠮ ᠰᠠᠷᠠᠭᠤᠯ ᠫᠧᠩ ᠰᠠᠷᠠᠪᠴᠢ ᠂ | ᠪᠠᠷᠢᠮᠵᠢᠶᠠᠵᠢᠭᠰᠠᠨ ᠦᠬᠡᠷ ᠲᠡᠵᠢᠭᠡᠬᠦ ᠲᠠᠯᠠᠪᠠᠢ ᠳᠤ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ | ᠲᠡᠵᠢᠭᠡᠯ ᠪᠤᠷᠳᠤᠭᠠᠨ ᠤ ᠮᠠᠰᠢᠨ ᠲᠤᠨᠤᠭᠯᠠᠯ ᠢ ᠠᠵᠢᠯᠯᠠᠭᠤᠯᠵᠤ ᠂ ᠮᠠᠯ ᠠᠵᠤ ᠠᠬᠤᠢ ᠶᠢᠨ ᠦᠢᠯᠡᠳᠪᠦᠷᠢᠯᠡᠯ | ᠠᠮᠢᠳᠤᠷᠠᠯ ᠤᠨ ᠠᠦ᠋ᠲ᠋ᠣᠴᠢᠯᠠᠯᠲᠠ ᠶᠢ ᠪᠡᠶᠡᠯᠡᠭᠦᠯᠵᠦ᠂ ᠬᠥᠳᠡᠯᠮᠦᠷᠢ ᠬᠦᠴᠦᠨ ᠢ ᠴᠢᠯᠦᠭᠡᠯᠡᠨ᠂ ᠦᠢᠯᠡᠳᠪᠦᠷᠢᠯᠡᠯ ᠤᠨ | ᠦᠷ᠎ᠡ ᠠᠰᠢᠭ ᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ | ᠰᠤᠷᠪᠤᠯᠵᠢᠯᠠᠨ ᠤᠶᠢᠯᠠᠭᠠᠯ᠎ᠠ᠃ | ᠣᠶᠢᠯᠠᠭᠠᠭᠰᠠᠨ ᠢᠶᠠᠷ᠂ ᠰᠠᠶᠢᠬᠠᠠᠨᠠᠭᠤᠷ ᠭᠠᠴᠠᠭ᠎ᠠ ᠬᠠᠮᠲᠤ ᠶᠢᠨ ᠠᠵᠤ ᠠᠬᠤᠢ ᠶᠢᠨ ᠣᠷᠣᠯᠭ᠎ᠠ ᠠᠴᠠ ᠪᠠᠨ 20 | ᠭᠠᠷᠤᠢ ᠲᠦᠮᠡᠨ ᠲᠥᠭᠦᠷᠢᠭ ᠭᠠᠷᠭᠠᠵᠤ᠂ ᠥᠪᠥᠷ ᠮᠣᠩᠭᠤᠯ ᠤᠨ ᠮᠧᠩ ᠶᠤᠸᠠᠨ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠲᠤᠰᠬᠠᠢ ᠠᠰᠢᠭ ᠤᠨ ᠪᠦᠲᠦᠭᠡᠭᠳᠡᠬᠦᠨ᠂ ᠲᠣᠭᠠᠴᠢᠯᠠᠭᠰᠠᠨ ᠬᠠᠮᠢᠶᠠᠷᠤᠯᠲᠠ᠂ ᠠᠯᠤᠰ ᠠᠴᠠ ᠡᠵᠡᠮᠳᠡᠬᠦ᠂ ᠠᠦ᠋ᠲ᠋ᠣ᠋ | ᠮᠠᠲ᠋ᠧᠷᠢᠶᠠᠯ ᠣᠷᠣᠭᠤᠯᠬᠤ᠂ ᠬᠡᠷᠴᠢᠵᠦ ᠨᠤᠬᠤᠬᠤ᠂ ᠵᠢᠭᠤᠷᠠᠵᠤ ᠵᠢᠭᠤᠷᠠᠬᠤ᠂ ᠴᠡᠪᠡᠷᠯᠡᠨ ᠠᠷᠢᠭᠤᠳᠬᠠᠬᠤ᠂ ᠪᠤᠷᠳᠤᠨ | ᠲᠡᠵᠢᠭᠡᠬᠦ ᠶᠢ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ ᠮᠠᠰᠢᠨ | ᠲᠤᠨᠤᠭᠯᠠᠯ ᠢ ᠤᠷᠤᠭᠤᠯᠵᠤ᠂ ᠨᠢᠭᠡ ᠯᠡ ᠭᠠᠷ ᠤᠲᠠᠰᠤ ᠪᠠᠷ ᠡᠪᠡᠰᠦ ᠪᠣᠷᠳᠤᠭ᠎ᠠ ᠶᠢ ᠲᠡᠵᠢᠭᠡᠬᠦ᠂ ᠤᠰᠤ | ᠬᠠᠩᠭᠠᠬᠤ ᠶᠢ ᠪᠡᠶᠡᠯᠡᠭᠦᠯᠵᠦ ᠪᠣᠯᠬᠤ ᠪᠥᠭᠡᠳ ᠪᠠᠰᠠ ᠡᠳᠦᠷ ᠪᠦᠷᠢ ᠬᠠᠮᠢᠶᠠᠷᠤᠯᠲᠠ ᠶᠢᠨ ᠲᠠᠪᠴᠠᠩ ᠠᠴᠠ ᠦᠬᠡᠷ ᠤᠨ | ᠰᠦᠷᠦᠭ ᠤᠨ ᠬᠥᠳᠡᠯᠦᠩᠭᠦᠢ ᠪᠠᠶᠢᠳᠠᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠤᠶᠢᠯᠠᠭᠠᠨ ᠮᠡᠳᠡᠵᠦ᠂ ᠡᠳᠦᠷ | ᠪᠦᠷᠢ ᠶᠢᠨ ᠪᠣᠳᠠᠲᠠᠢ ᠲᠡᠵᠢᠭᠡᠯ ᠪᠣᠷᠳᠣᠭᠠᠨ ᠤ ᠲᠥᠷᠥᠯ ᠵᠦᠢᠯ᠂ ᠲᠤᠭ᠎ᠠ ᠬᠡᠮᠵᠢᠶᠡᠨ ᠤ ᠨᠠᠷᠢᠨ ᠲᠤᠳᠤᠷᠬᠠᠢ ᠲᠡᠮᠳᠡᠭᠯᠡᠯ | ᠲᠠᠢ ᠪᠠᠶᠢᠯ᠎ᠠ᠃ | ᠬᠠᠮᠢᠶᠠᠷᠤᠯᠳᠠ ᠶᠢᠨ ᠲᠠᠪᠴᠠᠩ ᠠᠴᠠ ᠦᠬᠡᠷ ᠨᠢᠭᠡᠪᠦᠷᠢ ᠶᠢᠨ ᠡᠷᠡᠭᠦᠯ ᠮᠡᠨᠳᠦ ᠶᠢᠨ ᠪᠠᠶᠢᠳᠠᠯ ᠢ ᠲᠣᠳᠣᠷᠬᠠᠢ | ᠤᠶᠢᠯᠠᠭᠠᠵᠤ᠂ ᠲᠣᠭᠠᠴᠢᠯᠠᠭᠰᠠᠨ ᠦᠬᠡᠷ ᠲᠡᠵᠢᠭᠡᠬᠦ ᠵᠠᠭᠪᠤᠷ ᠢ ᠪᠣᠶ ᠪᠣᠯᠭᠠᠵᠤ᠂ ᠦᠬᠡᠷ ᠤᠨ ᠠᠵᠤ ᠦᠢᠯᠡᠰ ᠤᠨ | ᠬᠡᠯᠬᠢᠶᠡᠵᠢᠯ ᠤᠨ ᠬᠥᠭᠵᠢᠯᠲᠡ ᠶᠢ ᠠᠬᠢᠭᠤᠯᠤᠨ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠳᠤ ᠵᠢᠱᠢᠶ᠎ᠡ ᠦᠵᠡᠬᠦᠯᠬᠦ ᠲᠤᠷᠰᠢᠯᠲᠠ ᠶᠢᠨ ᠴᠡᠭ ᠤᠨ ᠦᠢᠯᠡᠳᠦᠯ ᠢ | ᠬᠦᠢᠴᠡᠳ ᠪᠠᠳᠠᠷᠠᠭᠤᠯᠵᠤ ᠪᠤᠢ᠃ | ᠮᠧᠬᠠᠨᠢᠭᠵᠢᠯᠲᠠ ᠪᠣᠯ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢᠨ ᠴᠢᠬᠤᠯᠠ | ᠪᠡᠯᠭᠡ ᠲᠡᠮᠳᠡᠭ ᠮᠥᠨ᠃ ᠰᠠᠶᠢᠬᠠᠠᠨᠠᠭᠤᠷ ᠭᠠᠴᠠᠭᠠᠨ ᠤ ᠮᠠᠯᠵᠢᠬᠤ ᠣᠷᠣᠨ ᠤ ᠣᠳᠣᠬᠢᠴᠢᠯᠠᠭᠰᠠᠨ ᠮᠠᠯ ᠠᠵᠤ | ᠠᠬᠤᠢ ᠶᠢᠨ ᠨᠢᠭᠡ ᠴᠣᠭᠴᠠᠵᠢᠭᠰᠠᠨ ᠣᠯᠠᠨ ᠴᠢᠳᠠᠮᠵᠢᠲᠤ ᠲᠣᠭᠠᠴᠢᠯᠠᠭᠰᠠᠨ ᠲᠡᠵᠢᠭᠡᠯ ᠪᠤᠷᠳᠤᠭᠠᠨ ᠤ ᠮᠠᠰᠢᠨ | ᠲᠤᠨᠤᠭᠯᠠᠯ ᠢ ᠭᠡᠷᠡᠭᠯᠡᠯᠲᠡ ᠳᠤ ᠤᠷᠤᠭᠤᠯᠤᠭᠰᠠᠨ ᠨᠢ ᠥᠷᠭᠡᠨ ᠣᠯᠠᠨ ᠮᠠᠯᠴᠢᠨ ᠲᠦᠮᠡᠨ ᠤ ᠮᠠᠰᠢᠨ | ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠬᠡᠷᠡᠭᠴᠡᠭᠡ ᠶᠢ ᠦᠨᠡᠨᠬᠦ ᠰᠢᠢᠳᠪᠦᠷᠢᠯᠡᠵᠦ᠂ | ᠣᠳᠣᠬᠢᠴᠢᠯᠠᠭᠰᠠᠨ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ ᠶᠢ ᠲᠦᠭᠡᠮᠡᠯᠵᠢᠭᠦᠯᠵᠦ᠂ ᠮᠠᠯᠵᠢᠬᠤ ᠣᠷᠣᠨ ᠤ | ᠬᠥᠳᠡᠯᠮᠦᠷᠢ ᠶᠢᠨ ᠱᠠᠭᠠᠷᠳᠠᠯᠭ᠎ᠠ ᠶᠡᠭᠡ᠂ ᠬᠥᠳᠡᠯᠮᠦᠷᠢ ᠶᠢᠨ ᠥᠪᠡᠷ ᠤᠨ ᠥᠷᠲᠡᠭ ᠥᠨᠳᠥᠷ ᠵᠡᠷᠭᠡ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢ | ᠰᠠᠶᠢᠵᠢᠷᠠᠭᠤᠯᠤᠨ᠂ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠮᠠᠰᠢᠨᠴᠢᠯᠠᠭᠰᠠᠨ | ᠦᠢᠯᠡᠳᠪᠦᠷᠢᠯᠡᠯ ᠢ ᠳᠡᠭᠡᠭᠰᠢᠯᠡᠭᠦᠯᠵᠦ᠂ ᠮᠠᠯ ᠠᠵᠤ ᠠᠬᠤᠢ ᠪᠠ ᠮᠠᠯᠵᠢᠬᠤ ᠣᠷᠣᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠤᠳᠠᠳᠤ ᠬᠦᠴᠦᠨ ᠨᠡᠮᠡᠷᠢᠯᠡᠬᠦ ᠶᠢ | ᠠᠬᠢᠭᠤᠯᠤᠭᠰᠠᠨ ᠪᠠᠶᠢᠨ᠎ᠠ᠃ | |