ᠰᠦᠯᠵᠢᠶᠡᠨ ᠰᠢᠭᠤᠳ ᠨᠡᠪᠳᠡᠷᠡᠭᠦᠯᠭᠡ ᠶᠢᠨ ᠬᠤᠳᠠᠯᠳᠤᠭ᠎ᠠ ᠬᠦᠭᠵᠢᠶᠡᠨ ᠲᠠᠢ ᠪᠠᠶᠢᠨ᠎ᠠ | | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠢ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠮᠠᠯᠵᠢᠬᠤ ᠣᠷᠣᠨ ᠤ ᠠᠵᠤ ᠦᠢᠯᠡᠰ ᠤᠨ ᠬᠡᠯᠪᠡᠷᠢ ᠶᠢ ᠲᠠᠰ ᠲᠡᠪᠰᠢᠭᠦᠯᠦᠨ ᠳᠠᠶᠢᠴᠢᠯᠠᠬᠤ ᠴᠢᠬᠤᠯᠠ ᠠᠷᠭ᠎ᠠ | ᠠᠪᠴᠠᠯ ᠪᠤᠯᠭᠠᠵᠦ᠂ ᠰᠦᠯᠵᠢᠶᠡᠨ ᠰᠢᠭᠤᠳ ᠨᠡᠪᠳᠡᠷᠡᠭᠦᠯᠭᠡ ᠶᠢᠨ ᠬᠤᠳᠠᠯᠳᠤᠭ᠎ᠠ ᠶᠢ ᠢᠳᠡᠪᠬᠢᠳᠡᠢ ᠬᠦᠭᠵᠢᠬᠦᠯᠵᠦ ᠪᠠᠶᠢᠨ᠎ᠠ᠃ | ᠬᠤᠩ ᠮᠧᠶ ᠪᠠᠯᠠᠭᠠᠷᠭᠤᠤᠯ ᠪᠠᠯᠭᠠᠰᠤᠨ ᠳᠤ ᠦᠨᠳᠦᠰᠦᠲᠡᠨ ᠤ ᠬᠤᠪᠴᠠᠰᠤ ᠵᠠᠰᠠᠯ ᠤᠨ ᠲᠡᠯᠭᠡᠭᠦᠷ ᠡᠵᠡᠩᠨᠡᠵᠦ | ᠪᠠᠶᠢᠭ᠎ᠠ ᠶᠤᠮ᠃ ᠲᠡᠷᠡ ᠪᠠᠷ ᠤᠶᠢᠷ᠎ᠠ ᠶᠢᠨ ᠵᠢᠯ ᠳᠤ ᠰᠦᠯᠵᠢᠶᠡᠨ ᠰᠢᠭᠤᠳ ᠨᠡᠪᠳᠡᠷᠡᠭᠦᠯᠭᠡ ᠶᠢᠨ ᠬᠦᠭᠵᠢᠯᠳᠡ ᠳᠤ | ᠵᠤᠬᠢᠴᠠᠭᠤᠯᠤᠨ ᠲᠢᠺ ᠲᠤᠺ ᠲᠠᠪᠴᠠᠩ ᠤᠨ ᠰᠢᠭᠤᠳ ᠨᠡᠪᠳᠡᠷᠡᠭᠦᠯᠭᠡ ᠪᠠᠷ ᠦᠨᠳᠦᠰᠦᠳᠡᠨ ᠤ ᠤᠯᠠᠮᠵᠢᠯᠠᠯᠳᠤ ᠬᠤᠪᠴᠠᠰᠤ | ᠵᠠᠰᠠᠯ ᠢᠶᠠᠨ ᠪᠤᠷᠤᠯᠠᠭᠤᠯᠳᠠᠭ ᠪᠠᠶᠢᠯ᠎ᠠ᠃ ᠡᠨᠡ ᠬᠤᠭᠤᠴᠠᠭᠠᠨ ᠳᠤ ᠲᠡᠷᠡ ᠪᠠᠷ ᠮᠠᠯᠵᠢᠬᠤ ᠣᠷᠣᠨ ᠤ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠢ ᠬᠦᠮᠦᠵᠢᠭᠦᠯᠬᠦ ᠪᠤᠯᠪᠠᠰᠤᠷᠠᠯ ᠳᠤ ᠤᠷᠤᠯᠴᠠᠵᠦ | ᠰᠦᠯᠵᠢᠶᠡᠨ ᠰᠢᠭᠤᠳ ᠨᠡᠪᠳᠡᠷᠡᠭᠦᠯᠭᠡ ᠶᠢᠨ ᠬᠠᠮᠢᠶ᠎ᠠ ᠲᠠᠢ ᠮᠡᠳᠡᠯᠭᠡ ᠪᠠ ᠠᠷᠭ᠎ᠠ ᠮᠡᠷᠭᠡᠵᠢᠯ ᠢ ᠰᠤᠷᠴᠤ ᠡᠵᠡᠮᠰᠢᠭᠰᠡᠨ ᠪᠠᠶᠢᠨ᠎ᠠ᠃ | | ᠰᠤᠷᠪᠤᠯᠵᠢᠯᠠᠭ᠎ᠠ᠄ ᠬᠤᠩ ᠮᠧᠶ᠄ ︽ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠢ | ᠬᠦᠮᠦᠵᠢᠭᠦᠯᠬᠦ ᠪᠤᠯᠪᠠᠰᠤᠷᠠᠯ ᠳᠤ ᠤᠷᠤᠯᠴᠠᠭᠠᠳ ᠤᠬᠤᠷ ᠹᠢᠯᠢᠮ ᠰᠡᠭᠦᠳᠡᠷᠯᠡᠬᠦ᠂ ᠨᠠᠶᠢᠷᠠᠭᠤᠯᠬᠤ᠂ ᠰᠢᠭᠤᠳ ᠨᠡᠪᠳᠡᠷᠡᠭᠦᠯᠭᠡ | ᠬᠢᠬᠦ ᠮᠡᠳᠡᠯᠭᠡ ᠮᠡᠷᠭᠡᠵᠢᠯ ᠢ ᠨᠡᠯᠢᠶᠡᠳ ᠰᠢᠰᠲ᠋ᠧᠮ ᠲᠠᠢ ᠰᠤᠷᠤᠯᠴᠠᠭᠰᠠᠨ ᠪᠠᠶᠢᠨ᠎ᠠ︾ ᠭᠡᠯᠡ᠃ | ᠪᠠᠷᠠᠭᠤᠨ ᠦᠵᠦᠮᠦᠴᠢᠨ ᠬᠤᠰᠢᠭᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠴᠢᠬᠤᠯᠠᠴᠢᠯᠠᠨ | ᠠᠳᠬᠤᠵᠤ ᠠᠵᠤ ᠠᠬᠤᠢ ᠶᠢᠨ ᠬᠡᠯᠪᠡᠷᠢ ᠶᠢ ᠲᠠᠰ ᠲᠡᠪᠰᠢᠬᠦᠯᠦᠨ ᠬᠥᠭᠵᠢᠭᠦᠯᠬᠦ ᠰᠢᠨ᠎ᠡ ᠴᠡᠭ ᠪᠣᠯᠭᠠᠵᠤ᠂ ᠮᠠᠯᠴᠢᠨ ᠲᠦᠮᠡᠨ ᠢ | ᠳᠠᠶᠢᠴᠢᠯᠠᠨ ᠡᠯᠧᠺᠲᠷᠣᠨ ᠬᠤᠳᠠᠯᠳᠤᠭᠠᠨ ᠤ ᠦᠢᠯᠡᠰ ᠲᠤ ᠤᠷᠤᠯᠴᠠᠬᠤ ᠶᠢ ᠵᠤᠷᠢᠭᠵᠢᠭᠤᠯᠵᠤ ᠪᠠᠶᠢᠨ᠎ᠠ᠃ 2022 ᠣᠨ ᠳᠤ | ᠂ ᠪᠠᠷᠠᠭᠤᠨ ᠦᠵᠦᠮᠦᠴᠢᠨ ᠬᠤᠰᠢᠭᠤ ᠨᠢ ︽ᠰᠢᠭᠤᠳ ᠨᠡᠪᠳᠡᠷᠡᠭᠦᠯᠭᠡ ᠶᠢᠨ ᠲᠠᠰᠤᠭ + ᠪᠠᠭ᠎ᠠ ᠬᠡᠪᠴᠢᠶᠡᠨ ᠤ ᠪᠣᠯᠪᠠᠰᠤᠷᠠᠯ | + ᠭᠤᠣᠯᠳᠠᠯᠭ᠎ᠠ ᠲᠠᠢ ᠪᠠᠶᠢᠭᠤᠯᠬᠤ︾ ᠵᠠᠭᠪᠤᠷ ᠢᠶᠠᠷ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠰᠢᠭᠤᠳ | ᠨᠡᠪᠳᠡᠷᠡᠭᠦᠯᠭᠡ ᠶᠢᠨ ᠴᠢᠳᠠᠪᠤᠷᠢᠲᠠᠨ ᠢ ᠬᠦᠮᠦᠵᠢᠬᠦᠯᠬᠦ ᠰᠢᠷᠢᠰ ᠠᠵᠢᠯᠯᠠᠭ᠎ᠠ ᠶᠢ ᠶᠠᠪᠤᠭᠳᠠᠭᠤᠯᠵᠤ᠂ ᠮᠠᠯᠵᠢᠬᠤ ᠣᠷᠣᠨ ᠤ | ᠡᠯᠧᠺᠲᠷᠣᠨ ᠬᠤᠳᠠᠯᠳᠤᠭᠠᠨ ᠤ ᠰᠢᠭᠤᠳ ᠨᠡᠪᠳᠡᠷᠡᠭᠦᠯᠭᠡ ᠶᠢᠨ ᠠᠵᠢᠯᠲᠠᠨ ᠢ 30 ᠭᠠᠷᠤᠢ ᠬᠦᠮᠦᠵᠢᠬᠦᠯᠦᠨ᠂ ᠭᠠᠴᠠᠭᠠᠨ ᠤ | ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ ᠲᠠᠰᠤᠭ 10 ᠶᠢ ᠪᠠᠶᠢᠭᠤᠯᠵᠤ᠂ ᠠᠵᠤ ᠠᠬᠤᠢ ᠶᠢᠨ ᠣᠷᠣᠯᠭ᠎ᠠ | 718 ᠲᠦᠮᠡᠨ ᠲᠥᠭᠦᠷᠢᠭ ᠡᠭᠦᠳᠴᠡᠢ᠃ | ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠳᠤ 26 ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ | 12ᠬᠤᠪᠢ ᠶᠢᠨ ᠵᠠᠭᠤᠴᠢᠯᠠᠭᠤᠷ ᠡᠵᠡᠩᠨᠡᠭᠴᠢ ᠪᠠ ᠵᠠᠭᠤᠨ ᠲᠦᠮᠡ ᠶᠢ ᠲᠠᠪᠠᠭᠰᠠᠨ ᠲᠠᠭᠠᠯᠳᠠ ᠲᠠᠢ ᠰᠢᠭᠤᠳ | ᠨᠡᠪᠳᠡᠷᠡᠭᠦᠯᠦᠭᠴᠢ ᠶᠢᠨ ᠬᠦᠳᠦᠯᠦᠭᠴᠢ 3 ᠪᠠᠶᠢᠵᠤ᠂ 2023 ᠣᠨ ᠤ 1 ︱ 4 ᠰᠠᠷ᠎ᠠ ᠶᠢᠨ ᠪᠥᠬᠦ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠭᠰᠠᠨ ᠲᠤᠭ᠎ᠠ 2743 ᠲᠦᠮᠡᠨ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 57.8% ᠪᠠᠷ ᠨᠡᠮᠡᠭᠳᠡᠨ ᠮᠠᠰᠢ ᠰᠠᠶᠢᠨ ᠨᠡᠶᠢᠭᠡᠮ ᠪᠠ ᠠᠵᠤ ᠠᠬᠤᠢ ᠶᠢᠨ | ᠦᠷ᠎ᠡ ᠠᠰᠢᠭ ᠤᠯᠵᠤ ᠪᠠᠶᠢᠨ᠎ᠠ᠃ |