ᠭᠠᠴᠠᠭᠠᠨ ᠳᠤ ᠠᠷᠡᠳ ᠲᠤ ᠲᠦᠬᠦᠮ ᠦᠵᠡᠬᠦᠯᠬᠦ  ᠦᠢᠯᠠᠴᠢᠯᠡᠭᠡ ᠲᠠᠢ ᠪᠤᠯᠤᠯ᠎ᠠ
ᠨᠡᠶᠢᠲᠡᠯᠡᠭᠰᠡᠨ ᠴᠠᠭ᠄
2023/7/17
   ᠭᠠᠴᠠᠭᠠᠨ ᠳᠤ ᠠᠷᠡᠳ ᠲᠤ ᠲᠦᠬᠦᠮ ᠦᠵᠡᠬᠦᠯᠬᠦ  ᠦᠢᠯᠠᠴᠢᠯᠡᠭᠡ ᠲᠠᠢ ᠪᠤᠯᠤᠯ᠎ᠠ   ᠤᠯᠠᠭᠠᠨᠬᠠᠯᠠᠭ᠎ᠠ ᠰᠤᠮᠤ ︽1+3+N︾ ᠠᠵᠢᠯ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠬᠡᠷᠡᠭ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠣᠨᠴᠠᠯᠢᠭᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠵᠠᠭᠪᠤᠷ ᠢ ᠪᠣᠶ ᠪᠣᠯᠭᠠᠵᠤ᠂ ᠦᠢᠯᠡᠴᠢᠯᠡᠭᠡ ᠶᠢ  ᠮᠠᠯᠴᠢᠨ ᠲᠦᠮᠠᠨ  ᠤ ᠲᠡᠷᠬᠡᠳᠠ ᠳᠤ ᠭᠦᠷᠬᠡᠭᠰᠠᠨ ᠪᠠᠶᠢᠨ᠎ᠠ  ᠃  ᠤᠯᠠᠭᠠᠨᠬᠠᠯᠠᠭ᠎ᠠ ᠰᠤᠮᠤ ᠨᠢᠭᠡᠨ ᠵᠢᠷᠤᠮᠵᠢᠭᠰᠠᠨ ᠦᠢᠯᠡᠴᠢᠯᠡᠭᠡᠨ ᠤ ᠲᠠᠪᠴᠠᠩ ᠂ ︽ᠨᠠᠢᠮᠠ ᠶᠢ ᠪᠦᠷᠢᠳᠦᠭᠦᠯᠬᠦ  ︾ᠪᠠᠷᠢᠮᠵᠢᠶ᠎ᠠ ᠪᠠᠷ 14 ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ︵ᠦᠷᠳᠡᠭᠡ︶  ︾  ᠪᠤᠯᠤᠨ14 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠶᠢ ᠪᠠᠶᠢᠭᠤᠯᠵᠤ᠂ ᠬᠤᠶᠠᠷ ᠱᠠᠲᠤᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠤᠴᠢᠷ ᠶᠠᠪᠤᠳᠠᠯ 114 ᠵᠦᠢᠯ ᠪᠣᠯᠤᠭᠰᠠᠨ   ᠢᠶᠠᠷ ᠪᠠᠷᠠᠬᠤ ᠦᠭᠡᠢ ᠪᠣᠳᠠᠲᠠᠢ ᠲᠠᠢ ᠪᠠᠨ ᠤᠶᠠᠯᠳᠤᠭᠤᠯᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠠᠪᠤᠴᠠ ᠶᠢ ᠲᠣᠭᠲᠠᠭᠠᠵᠤ᠂ ᠮᠠᠯᠴᠢᠨ ᠲᠦᠮᠡᠨ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠦᠷᠲᠡᠭᠡᠵᠡᠢ᠃   ᠤᠯᠠᠭᠠᠨᠬᠠᠯᠠᠭ᠎ᠠ ᠰᠤᠮᠤ ᠨᠢ ᠮᠠᠯᠵᠢᠬᠤ ᠣᠷᠣᠨ ᠤ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠯᠪᠠᠨ ᠠᠵᠢᠯ ᠤᠨ ᠬᠦᠴᠦᠨ ᠢ ᠲᠥᠪᠯᠡᠷᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢ ᠳᠥᠭᠦᠮᠴᠢᠯᠡᠬᠦ︾ ᠪᠠᠷ ᠵᠣᠷᠢᠯᠲᠠ ᠪᠣᠯᠭᠠᠵᠤ᠂ ᠭᠠᠴᠠᠭᠠᠨ ᠤ ︽ᠨᠢᠭᠡᠳᠦᠭᠡᠷ ᠱᠦᠵᠢ︾᠂ ᠭᠠᠴᠠᠭᠠᠨ ᠤ ᠬᠤᠶᠠᠷ ᠵᠥᠪᠯᠡᠯ ᠤᠨ ᠪᠦᠷᠢᠯᠳᠦᠭᠦᠨ ᠢᠶᠠᠷ ᠭᠡᠰᠢᠭᠦᠨ ᠪᠣᠯᠭᠠᠭᠰᠠᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠭᠠᠷᠠᠭ ᠪᠦᠷᠢ ᠭᠤᠷᠪᠠᠨ ᠳᠤ  ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠨᠢᠭᠡ ᠡᠳᠦᠷ ᠵᠢᠵᠢᠭᠦᠷᠯᠡᠵᠦ᠂ ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠦᠭᠴᠦ ᠪᠠᠶᠢᠨ᠎ᠠ᠃ ᠡᠭᠦᠨ ᠤ ᠬᠠᠮᠲᠤ ᠰᠤᠮᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠳᠤ  ᠰᠣᠮᠤᠨ ᠤ ᠳᠡᠰ ᠤᠨ 75 ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠤᠴᠢᠷ ᠶᠠᠪᠤᠳᠠᠯ ᠢ ᠵᠢᠭᠰᠠᠭᠠᠨ ᠭᠠᠷᠭᠠᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠠᠭᠪᠤᠷ ᠢᠶᠠᠷ ᠳᠠᠮᠵᠢᠭᠤᠯᠤᠨ 39 ᠵᠦᠢᠯ ᠤᠨ ᠲᠤᠬᠠᠶᠢᠯᠠᠭᠰᠠᠨ ᠠᠵᠢᠯ ᠢ ᠭᠠᠴᠠᠭᠠᠨ ᠤ ᠱᠠᠲᠤᠨ ᠳᠤ ᠪᠠᠭᠤᠯᠭᠠᠵᠤ᠂ ᠡᠷᠦᠬᠡ ᠳᠤ ᠬᠦᠷᠴᠦ ᠰᠤᠷᠪᠤᠯᠵᠢᠯᠠᠬᠤ᠂ ᠰᠦᠯᠵᠢᠶᠡᠨ ᠳᠡᠭᠡᠷ᠎ᠡ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠦᠮᠡᠨ ᠳᠤ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂  ᠡᠮᠴᠢᠯᠡᠭᠡᠨ ᠤ ᠳᠠᠭᠠᠳᠬᠠᠯ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠭᠲᠠᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠲᠤᠬᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠷᠢᠨ ᠲᠠᠨᠢᠯᠴᠠᠭᠤᠯᠵᠤ᠂ ᠮᠠᠯᠴᠢᠨ ᠲᠦᠮᠡᠨ ᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠠᠴᠢᠯᠡᠭᠡ ᠶᠢ ᠬᠦᠢᠴᠠᠳ ᠦᠢᠯᠠᠭᠠᠭᠤᠯᠤᠭᠰᠠᠨ ᠪᠠᠶᠢᠨ᠎ᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号