ᠦᠶᠡᠷ ᠢ ᠰᠡᠷᠭᠡᠶᠢᠯᠡᠬᠦ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠥᠰᠥᠯ ᠢ ᠡᠬᠢᠯᠡᠭᠦᠯᠬᠦ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠬᠡᠯᠲᠡᠰ ᠤᠨ ᠮᠡᠳᠡᠭᠳᠡᠯ
ᠨᠡᠶᠢᠲᠡᠯᠡᠭᠰᠡᠨ ᠴᠠᠭ᠄
2023/7/18
ᠦᠶᠡᠷ ᠢ ᠰᠡᠷᠭᠡᠶᠢᠯᠡᠬᠦ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠥᠰᠥᠯ ᠢ ᠡᠬᠢᠯᠡᠭᠦᠯᠬᠦ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠦᠶᠡᠷ ᠢ ᠰᠡᠷᠭᠡᠶᠢᠯᠡᠬᠦ ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠬᠡᠯᠲᠡᠰ ᠤᠨ ᠮᠡᠳᠡᠭᠳᠡᠯ  ᠡᠯ᠎ᠡ ᠰᠤᠮᠤ  ᠪᠠᠯᠭᠠᠰᠤ᠂ ᠡᠯ᠎ᠡ ᠪᠦᠷᠢᠯᠳᠦᠭᠦᠨ ᠨᠢᠭᠡᠴᠡ ᠳᠤ᠄  ᠬᠤᠰᠢᠭᠤ ᠴᠠᠭ ᠠᠭᠤᠷ ᠤᠨ ᠲᠣᠪᠴᠢᠶᠠᠨ ᠠᠴᠠ 2023 ᠣᠨ ᠤ 7 ᠰᠠᠷ᠎ᠠ ᠶᠢᠨ 14 ᠤ ᠡᠳᠦᠷ ᠤᠨ 09 ᠴᠠᠭ 35 ᠮᠢᠨᠦ᠋ᠲ ᠲᠤ 2023 ᠣᠨ ᠤ 7 ᠰᠠᠷ᠎ᠠ ᠶᠢᠨ 14 ᠤ ᠡᠳᠦᠷ ᠤᠨ 08 ᠴᠠᠭ 27 ᠮᠢᠨᠦ᠋ᠲ ᠲᠤ ᠨᠡᠶᠢᠲᠡᠯᠡᠭᠰᠡᠨ ᠰᠡᠷᠡᠮᠵᠢ ᠶᠢᠨ ᠳᠣᠬᠢᠶ᠎ᠠ ᠶᠢ ᠠᠭᠠᠳᠠᠷ ᠪᠣᠷᠣᠭᠠᠨ ᠤ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠪᠣᠯᠭᠠᠨ ᠬᠤᠪᠢᠷᠠᠭᠤᠯᠪᠠ᠄ 3 ᠴᠠᠭ ᠤᠨ ᠳᠣᠲᠣᠷ᠎ᠠ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠣᠶᠢᠷᠠᠯᠴᠠᠭ᠎ᠠ ᠪᠠ ᠤᠯᠠᠭᠠᠨᠬᠠᠯᠠᠭ᠎ᠠ  ᠰᠣᠮᠣᠨ ᠤ ᠪᠠᠴᠢ ᠭᠠᠴᠠᠭᠠᠨ ᠤ ᠣᠶᠢᠷᠠᠯᠴᠠᠭᠠᠬᠢ ᠬᠤᠷ᠎ᠠ ᠲᠤᠨᠳᠠᠰᠤᠨ ᠤ  ᠬᠡᠮᠵᠢᠶ᠎ᠡ 50 ᠮᠢᠯᠢᠮᠧᠲᠷ ᠢ ᠳᠠᠪᠠᠵᠤ᠂ ᠦᠷᠭᠦᠯᠵᠢᠯᠡᠨ ᠪᠣᠷᠣᠭᠠᠨ ᠣᠷᠣᠵᠤ ᠮᠡᠳᠡᠨ᠎ᠡ᠃ ᠡᠶᠢᠮᠦ ᠠᠴᠠ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠨᠢᠭᠡᠴᠡ ᠨᠢ ᠦᠶᠡᠷ ᠤᠨ ᠰᠡᠷᠭᠡᠶᠢᠯᠡᠯᠲᠡ ᠶᠢᠨ ᠠᠵᠢᠯ ᠢᠶᠠᠨ ᠰᠠᠶᠢᠲᠤᠷ ᠬᠢᠭᠡᠷᠡᠢ᠃ ︽ᠪᠠᠷᠠᠭᠤᠨ ᠦᠵᠦᠮᠦᠴᠢᠨ ᠬᠤᠰᠢᠭᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠬᠤᠯᠪᠣᠭᠳᠠᠯ ᠪᠦᠬᠦᠢ ᠲᠣᠭᠲᠠᠭᠠᠯ   ᠢ ᠦᠨᠳᠦᠰᠦᠯᠡᠨ᠂ ᠬᠤᠰᠢᠭᠤ ᠦᠶᠡᠷ   ᠢ ᠰᠡᠷᠭᠡᠶᠢᠯᠡᠬᠦ ᠭᠠᠩ ᠢ ᠡᠰᠡᠷᠭᠦᠴᠡᠬᠦ ᠠᠵᠢᠯ ᠤᠨ ᠵᠢᠯᠤᠭᠤᠳᠬᠤ ᠬᠡᠯᠲᠡᠰ ᠠᠴᠠ 7 ᠰᠠᠷ᠎ᠠ ᠶᠢᠨ 14 ᠤ ᠡᠳᠦᠷ ᠤᠨ 11 ᠴᠠᠭ   ᠠᠴᠠ ᠡᠬᠢᠯᠡᠨ ᠦᠶᠡᠷ   ᠢ ᠰᠡᠷᠭᠡᠶᠢᠯᠡᠬᠦ Ⅲ ᠲᠠᠰ ᠤᠨ ᠪᠠᠴᠢᠮ ᠪᠠᠶᠢᠳᠠᠯ   ᠢ ᠠᠷᠭᠠᠴᠠᠬᠤ ᠲᠥᠰᠥᠯ   ᠢ ᠡᠬᠢᠯᠡᠭᠦᠯᠬᠦ ᠪᠠᠷ ᠲᠣᠭᠲᠠᠪᠠ᠃    ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠥᠪᠳᠡᠯᠴᠡᠨ ᠰᠤᠳᠤᠯᠵᠤ ᠮᠠᠭᠠᠳᠯᠠᠬᠤ ᠪᠠᠨ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠳᠤᠮᠳᠠ ᠪᠠᠭ᠎ᠠ ᠭᠤᠣᠯ ᠮᠥᠷᠡᠨ᠂ ᠠᠭᠤᠯᠠᠨ ᠤ ᠦᠶᠡᠷ ᠤᠨ ᠭᠠᠮᠰᠢᠭ᠂ ᠭᠧᠣᠯᠣᠭᠢ ᠶᠢᠨ ᠭᠠᠮᠰᠢᠭ᠂ ᠤᠰᠤᠨ ᠴᠥᠭᠦᠷᠥᠮ᠂ ᠭᠠᠵᠠᠷ ᠳᠣᠣᠷᠠᠬᠢ ᠣᠷᠣᠨ ᠵᠠᠢ᠂ ᠰᠢᠪᠠᠷ ᠰᠢᠷᠤᠢ ᠶᠢᠨ ᠬᠠᠰᠢᠯᠭ᠎ᠠ᠂ ᠬᠦᠳᠡᠷ ᠤᠨ ᠰᠢᠭᠠᠷᠤ ᠶᠢᠨ ᠬᠥᠮᠥᠷᠭᠡ ᠵᠡᠷᠭᠡ  ᠶᠢᠨ ᠰᠡᠷᠭᠡᠶᠢᠯᠡᠯᠲᠡ ᠶᠢ ᠣᠨᠴᠠᠭᠠᠶᠢᠯᠠᠨ ᠰᠠᠶᠢᠲᠤᠷ ᠠᠳᠬᠤᠵᠤ᠂ ᠬᠤᠳᠠ ᠪᠠᠯᠭᠠᠰᠤᠨ ᠤ ᠴᠢᠬᠤᠯᠠ ᠲᠥᠬᠦᠭᠡᠷᠦᠮᠵᠢ ᠵᠢᠴᠢ ᠵᠠᠮ ᠬᠠᠷᠢᠯᠴᠠᠭ᠎ᠠ᠂ ᠬᠥᠭᠦᠷᠭᠡ᠂ ᠭᠤᠯᠳᠤᠩ᠂ ᠬᠤᠲᠣᠭᠤᠷ ᠭᠠᠵᠠᠷ ᠵᠡᠷᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠠᠮᠰᠢᠭ ᠢ ᠠᠷᠭᠠᠴᠠᠬᠤ ᠪᠠ ᠬᠥᠮᠥᠨ ᠢ ᠰᠢᠯᠵᠢᠭᠦᠯᠵᠦ ᠠᠶᠤᠯ ᠠᠴᠠ ᠵᠠᠶᠢᠯᠠᠭᠤᠯᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ  ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠨᠢ  24 ᠴᠠᠭ ᠢᠶᠠᠷ ᠵᠢᠵᠢᠭᠦᠷᠯᠡᠨ ᠰᠠᠬᠢᠬᠤ ᠬᠡᠷᠡᠭᠲᠡᠢ᠃ ᠡᠯ᠎ᠡ ᠱᠠᠲᠤᠨ ᠤ ᠠᠶᠤᠯ ᠠᠴᠠ ᠠᠪᠤᠷᠠᠨ ᠲᠤᠰᠠᠯᠠᠬᠤ ᠡᠩᠨᠡᠭᠡ ᠨᠢ ᠴᠠᠭ ᠢᠮᠠᠭᠲᠠ ᠪᠡᠯᠡᠳᠬᠡᠯ ᠲᠠᠢ ᠪᠠᠶᠢᠵᠤ᠂ ᠲᠦᠭᠰᠢᠭᠦᠷᠢᠲᠦ ᠪᠠᠶᠢᠳᠠᠯ ᠢ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠰᠢᠢᠳᠪᠦᠷᠢᠯᠡᠬᠦ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃                       ᠪᠠᠷᠠᠭᠤᠨ ᠦᠵᠦᠮᠦᠴᠢᠨ ᠬᠤᠰᠢᠭᠤᠨ ᠤ ᠦᠶᠡᠷ ᠢ ᠰᠡᠷᠭᠡᠶᠢᠯᠡᠬᠦ                       ᠭᠠᠩ ᠲᠠᠢ ᠲᠡᠮᠡᠴᠡᠬᠦ ᠠᠵᠢᠯ ᠤᠨ ᠵᠢᠯᠤᠭᠤᠳᠬᠤ ᠬᠡᠯᠲᠡᠰ                                   2023 ᠣᠨ ᠤ 7 ᠰᠠᠷ᠎ᠠ ᠶᠢᠨ 14 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号