ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠤᠭᠠᠲᠤ ᠬᠤᠷᠠᠯ ᠤᠨ ᠲᠦᠷ ᠴᠠᠭ ᠤᠨ ᠲᠤᠰᠠᠯᠠᠮᠵᠢ ᠤᠯᠭᠤᠬᠤ ᠠᠷᠭ᠎ᠠ
ᠨᠡᠶᠢᠲᠡᠯᠡᠭᠰᠡᠨ ᠴᠠᠭ᠄
2023/7/18
  ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠤᠭᠠᠲᠤ ᠬᠤᠷᠠᠯ ᠤᠨ ᠲᠦᠷ ᠴᠠᠭ ᠤᠨ ᠲᠤᠰᠠᠯᠠᠮᠵᠢ ᠤᠯᠭᠤᠬᠤ ᠠᠷᠭ᠎ᠠ  ᠬᠦᠴᠢᠷᠳᠡᠯᠲᠡᠢ ᠵᠡᠮᠳᠡᠭᠴᠦᠳ ᠤᠨ ᠭᠡᠨᠡᠳᠲᠡ ᠶᠢᠨ ᠪᠤᠶᠤ ᠪᠠᠴᠢᠮ ᠪᠠᠶᠢᠳᠠᠯ ᠠᠴᠠ ᠪᠤᠯᠵᠦ ᠠᠵᠦ ᠠᠮᠢᠳᠤᠷᠠᠯ ᠳᠤᠨᠢ ᠲᠤᠯᠭᠠᠷᠠᠭᠰᠠᠨ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠲᠦᠷ ᠴᠠᠭ ᠤᠨ ᠲᠤᠰᠠᠯᠠᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠤᠰᠠᠳᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠳ᠋ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠤᠭᠠᠲᠤ ᠬᠤᠷᠠᠯ ᠠᠴᠠ ᠳᠠᠷᠤᠮᠠᠯᠯᠠᠨ ᠲᠠᠷᠬᠠᠭᠠᠭᠰᠠᠨ ︽ᠵᠡᠮᠳᠡᠭᠴᠦᠳ ᠤᠨ ᠦᠢᠯᠡᠰ ᠤᠨ ᠬᠦᠭᠵᠢᠯᠲᠡ ᠶᠢᠨ ᠨᠦᠬᠦᠪᠦᠷᠢ ᠮᠦᠩᠬᠦ ᠶᠢᠨ ᠬᠠᠮᠢᠶᠠᠷᠤᠯᠲᠠ ᠶᠢᠨ ᠠᠷᠭ᠎ᠠ︾  ︵ᠦᠪᠦᠷ ᠡᠳ᠋ ᠨᠡᠶᠢᠭᠡᠮ ᠳᠦᠷᠢᠮ ﹇2019﹈ 11 ᠲᠤᠭᠠᠲᠤ︶ ᠶᠢ ᠦᠨᠳᠦᠰᠦᠯᠡᠨ ᠲᠤᠰ ︽ᠠᠷᠭ᠎ᠠ︾ ᠶᠢ ᠳᠤᠭᠲᠠᠭᠠᠪᠠ᠃  ᠨᠢᠭᠡ᠂ ᠲᠤᠰᠠᠯᠠᠮᠵᠢ ᠤᠯᠭᠤᠬᠤ ᠡᠲᠡᠭᠡᠳ   ᠪᠠᠷᠠᠭᠤᠨ ᠦᠵᠦᠮᠦᠴᠢᠨ ᠬᠤᠰᠢᠭᠤᠨ ᠤ ᠡᠷᠦᠭᠡ ᠠᠮᠠ ᠲᠠᠢ  ︽ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠦᠬᠦᠢ ᠵᠡᠮᠳᠡᠭ ᠬᠦᠮᠦᠰ᠂ ᠵᠠᠷᠴᠢᠮ ᠳᠡᠭᠡᠷ᠎ᠡ ᠪᠠᠨ ︽ᠬᠤᠤᠰ ᠳᠤᠤᠷ᠎ᠠ︾ ︵ᠳᠤᠤᠷ᠎ᠠ ᠪᠠᠲᠤᠯᠠᠭ᠎ᠠ ᠪᠤᠯᠤᠨ ᠳᠤᠤᠷ᠎ᠠ ᠤᠷᠤᠯᠭᠠᠲᠤ︶ ᠵᠡᠮᠳᠡᠭᠴᠦᠳ ᠢ ᠤᠷᠢᠳᠠᠪᠠᠷ ᠬᠠᠷᠠᠭᠠᠯᠵᠠᠨ᠎ᠠ᠃   ᠬᠤᠶᠠᠷ᠂ ᠲᠤᠰᠠᠯᠠᠮᠵᠢ ᠤᠯᠭᠤᠬᠤ ᠬᠦᠷᠢᠶ᠎ᠡ ᠬᠡᠪᠴᠢᠶ᠎ᠡ ︵ᠨᠢᠭᠡ︶ ᠬᠦᠨᠳᠦ ᠡᠪᠡᠳᠴᠢᠨ᠂ ᠬᠤᠪᠤᠷ ᠳᠤᠬᠢᠶᠠᠯᠳᠤᠬᠤ ᠤᠨᠴᠠᠭᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠤ  ᠡᠮᠴᠢᠯᠡᠭᠡ ᠶᠢᠨ ᠳᠠᠷᠤᠭᠠᠰᠤ ᠠᠴᠠ ᠪᠤᠯᠵᠦ ᠭᠡᠷ ᠪᠦᠯᠢ ᠶᠢᠨ ᠠᠮᠢᠳᠤᠷᠠᠯ ᠨᠢ ᠦᠨᠡᠨᠬᠦ ᠬᠦᠴᠢᠷᠲᠠᠢ ᠪᠤᠯᠤᠭᠰᠠᠨ ᠵᠡᠮᠳᠡᠭ ᠬᠦᠮᠦᠨ ︵ᠬᠤᠶᠠᠷ︶ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠶᠢᠨ ᠠᠳᠡᠯ ᠠᠴᠠ ᠪᠤᠯᠵᠦ ᠵᠠᠷᠤᠳᠠᠯ ᠰᠦᠢᠳᠬᠡᠯ ᠨᠢ ᠳᠠᠭᠠᠭᠠᠴᠢᠯᠠᠵᠦ ᠴᠢᠳᠠᠬᠤᠶᠢᠴᠠ ᠬᠢᠷᠢ ᠬᠡᠮᠵᠢᠶᠡᠨ ᠠᠴᠠ ᠭᠡᠲᠦᠷᠡᠭᠰᠡᠨ ᠵᠡᠮᠳᠡᠭ ᠬᠦᠮᠥᠨ ᠲᠠᠢ ᠭᠡᠷ ᠪᠦᠯᠢ᠃ ᠳᠤᠬᠠᠶᠢᠯᠠᠪᠠᠯ᠂ ᠭᠠᠯ ᠲᠦᠢᠮᠡᠷ᠂ ᠬᠤᠢ ᠰᠠᠯᠬᠢ᠂ ᠦᠶᠡᠷ ᠤᠰᠤᠲᠤᠯ᠂ ᠠᠶᠤᠩᠭ᠎ᠠ ᠴᠠᠬᠢᠯᠭᠠᠨ᠂ ᠭᠠᠵᠠᠷ ᠬᠦᠳᠡᠯᠬᠦ ᠮᠡᠲᠦ ᠶᠢᠨ ᠪᠠᠶᠢᠭᠠᠯᠢ ᠶᠢᠨ ᠭᠠᠮᠰᠢᠭ ᠠᠴᠠ ᠪᠤᠯᠵᠦ ᠭᠡᠷ ᠪᠠᠶᠢᠰᠢᠩ ᠨᠤᠷᠠᠬᠤ᠂ ᠮᠠᠯ ᠤᠨᠤᠭ᠎ᠠ ᠶᠡᠭᠡ ᠪᠠᠷ ᠰᠦᠢᠳᠦᠭᠰᠡᠨ ᠵᠡᠮᠳᠡᠭ ᠭᠡᠷ ᠪᠦᠯᠢ᠃ ︵ᠭᠤᠷᠪᠠ︶ ︽ᠤᠯᠠᠨ ᠵᠡᠮᠳᠡᠭ ᠬᠦᠮᠥᠨ ᠲᠠᠢ ᠭᠡᠷ ᠪᠦᠯᠢ︾ ᠪᠤᠶᠤ ᠬᠦᠨᠳᠦ ᠵᠡᠮᠳᠡᠭ ᠭᠡᠷ ᠤᠨ ᠪᠦᠷᠢᠯᠳᠦᠬᠦᠨ ᠢᠶᠠᠨ ᠬᠠᠷᠠᠭᠠᠯᠵᠠᠬᠤ ᠱᠠᠭᠠᠷᠳᠠᠯᠭ᠎ᠠ ᠪᠠᠷ ᠭᠠᠳᠠᠭᠰᠢ ᠭᠠᠷᠴᠦ ᠠᠵᠢᠯ ᠬᠢᠬᠦ ᠨᠦᠬᠦᠴᠡᠯ ᠦᠭᠡᠢ ᠠᠴᠠ ᠪᠤᠯᠵᠦ ᠦᠨᠳᠦᠰᠦᠨ ᠠᠮᠢᠳᠤᠷᠠᠯ  ᠨᠢ ᠬᠦᠨᠳᠦ ᠨᠤᠴᠢᠲᠠᠢ ᠬᠦᠴᠢᠷᠳᠡᠯ ᠳᠤ ᠤᠴᠠᠷᠠᠭᠰᠠᠨ ᠵᠡᠮᠳᠡᠭ ᠭᠡᠷ ᠪᠦᠯᠢ᠃ ︵ᠳᠦᠷᠪᠡ︶ ᠦᠷ᠎ᠡ ᠬᠡᠤᠬᠡᠳ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠦᠨᠳᠦᠷ ᠳᠤᠮᠳᠠ ᠶᠢᠨ ᠰᠤᠷᠭᠠᠨ ᠬᠦᠮᠦᠵᠢᠯ ᠪᠤᠶᠤ ᠪᠦᠬᠦᠯᠢ ᠡᠳᠦᠷ ᠤᠨ ᠳᠦᠷᠢᠮᠲᠤ ᠦᠨᠳᠦᠷ ᠵᠡᠷᠭᠡ ᠶᠢᠨ ᠰᠤᠷᠭᠠᠨ ᠬᠦᠮᠦᠵᠢᠯ ︵ᠬᠤᠪᠢ ᠶᠢᠨ ᠰᠦᠢᠳᠬᠡᠯ ᠢᠶᠠᠷ ᠰᠤᠷᠤᠯᠴᠠᠵᠦ ᠪᠦᠬᠦᠢ ᠰᠤᠷᠤᠭᠴᠢ ᠶᠢ ᠪᠠᠭᠳᠠᠭᠠᠬᠤ ᠦᠭᠡᠢ︶ ᠬᠦᠷᠲᠡᠵᠦ᠂ ᠰᠤᠷᠭᠠᠨ ᠬᠦᠮᠦᠵᠢᠯ ᠤᠨ ᠵᠠᠷᠤᠳᠠᠯ ᠨᠢ ᠭᠡᠷ ᠪᠦᠯᠢ ᠶᠢᠨ ᠬᠦᠯᠢᠶᠡᠨ ᠴᠢᠳᠠᠬᠤᠶᠢᠴᠠ ᠠᠵᠦ ᠠᠬᠤᠢ ᠶᠢᠨ ᠬᠢᠷᠢ ᠳᠦᠪᠰᠢᠨ ᠠᠴᠠ ᠭᠡᠲᠦᠷᠡᠵᠦ᠂ ᠦᠨᠳᠦᠰᠦᠨ‌ᠠᠮᠢᠳᠤᠷᠠᠯ ᠳᠤ ᠨᠢ ᠲᠦᠷ ᠵᠠᠭᠤᠷ᠎ᠠ ᠶᠢᠨ ᠬᠦᠴᠢᠷᠳᠡᠯ ᠤᠴᠠᠷᠠᠭᠰᠠᠨ ᠵᠡᠮᠳᠡᠭ ᠭᠡᠷ ᠪᠦᠯᠢ᠃   ᠭᠤᠷᠪᠠ᠂ ᠲᠤᠰᠠᠯᠠᠮᠵᠢ ᠤᠯᠭᠤᠬᠤ ᠪᠠᠷᠢᠮᠵᠢᠶ᠎ᠠ ︵ᠨᠢᠭᠡ︶ ᠬᠦᠨᠳᠦ ᠡᠪᠡᠳᠴᠢᠨ᠂ ᠬᠤᠪᠤᠷ ᠳᠤᠬᠢᠶᠠᠯᠳᠤᠬᠤ ᠤᠨᠴᠠᠭᠠᠢ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠪᠤᠶᠤ ᠭᠡᠨᠡᠳᠲᠡ ᠶᠢᠨ ᠠᠳᠡᠯ ᠢᠶᠠᠷ ᠡᠮᠨᠡᠯᠭᠡ ᠳᠤ ᠰᠠᠭᠤᠵᠦ ᠡᠮᠨᠡᠬᠦᠯᠦᠭᠰᠡᠨ ᠠᠴᠠ ᠪᠤᠯᠵᠦ ᠠᠮᠢᠳᠤᠷᠠᠯ ᠨᠢ ᠬᠦᠴᠢᠷᠳᠡᠭᠰᠡᠨ ᠵᠡᠮᠳᠡᠭ ᠬᠦᠮᠦᠰ ᠲᠤ ᠬᠠᠮᠤᠭ ᠤᠨ ᠦᠨᠳᠦᠷ ᠲᠡᠭᠡᠨ 3000 ᠲᠦᠬᠦᠷᠢᠭ ᠤᠨ ᠲᠤᠰᠠᠯᠠᠮᠵᠢ ᠤᠯᠭᠤᠨ᠎ᠠ᠃ ︵ᠬᠤᠶᠠᠷ︶ ᠭᠠᠯ ᠲᠦᠢᠮᠡᠷ᠂ ᠬᠤᠢ  ᠰᠠᠯᠬᠢ᠂ ᠦᠶᠡᠷ ᠤᠰᠤᠲᠤᠯ᠂ ᠠᠶᠤᠩᠭ᠎ᠠ ᠴᠠᠬᠢᠯᠭᠠᠨ᠂ ᠭᠠᠵᠠᠷ ᠬᠦᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠠᠴᠠ ᠪᠤᠯᠵᠦ ᠭᠡᠷ ᠪᠠᠶᠢᠰᠢᠩ ᠨᠤᠷᠠᠭᠰᠠᠨ ᠪᠤᠶᠤ ᠮᠠᠯ ᠤᠨᠤᠭ᠎ᠠ ᠶᠡᠭᠡ ᠪᠠᠷ ᠠᠳᠡᠵᠦ ᠰᠦᠢᠲᠦᠭᠰᠡᠳ  ᠲᠤ ᠬᠠᠮᠤᠭ ᠦᠨᠳᠦᠷ ᠲᠡᠭᠡᠨ 3000 ᠲᠦᠬᠦᠷᠢᠭ ᠤᠨ ᠲᠤᠰᠠᠯᠠᠮᠵᠢ ᠤᠯᠭᠤᠨ᠎ᠠ᠃ ︵ᠭᠤᠷᠪᠠ︶ ᠠᠮᠢᠳᠤᠷᠠᠯ ᠨᠢ ᠬᠦᠴᠢᠷᠳᠡᠯᠲᠡᠢ ︽ᠤᠯᠠᠨ ᠵᠡᠮᠳᠡᠭ ᠲᠠᠢ ᠭᠡᠷ ᠪᠦᠯᠢ︾ ᠳᠤ ᠬᠠᠮᠤᠭ ᠦᠨᠳᠦᠷ ᠲᠡᠭᠡᠨ 3000 ᠲᠦᠬᠦᠷᠢᠭ ᠤᠨ ᠲᠤᠰᠠᠯᠠᠮᠵᠢ ᠤᠯᠭᠤᠨ᠎ᠠ᠃ ︵ᠳᠦᠷᠪᠡ︶ ᠦᠷ᠎ᠡ ᠬᠡᠤᠬᠡᠳ ᠤᠨ ᠰᠤᠷᠭᠠᠨ ᠬᠦᠮᠦᠵᠢᠯ ᠤᠨ ᠵᠠᠷᠤᠳᠠᠯ ᠠᠴᠠ ᠪᠤᠯᠵᠦ ᠠᠮᠢᠳᠤᠷᠠᠯ ᠨᠢ ᠬᠦᠴᠢᠷᠳᠡᠭᠰᠡᠨ ᠵᠡᠮᠳᠡᠭ ᠭᠡᠷ ᠪᠦᠯᠢ ᠳᠤ ᠬᠠᠮᠤᠭ ᠦᠨᠳᠦᠷ ᠲᠡᠭᠡᠨ 3000 ᠲᠦᠬᠦᠷᠢᠭ ᠤᠨ ᠲᠤᠰᠠᠯᠠᠮᠵᠢ ᠤᠯᠭᠤᠨ᠎ᠠ᠃ ︵ᠲᠠᠪᠤ︶ ᠭᠡᠷ ᠪᠦᠯᠢ ᠪᠠᠷ  ᠨᠢᠬᠡᠴᠠᠯᠠᠨ ᠵᠢᠯ ᠳᠤ ᠨᠢᠭᠡ ᠯᠡ ᠤᠳᠠᠭᠠᠨ ᠤ ᠲᠤᠰᠠᠯᠮᠠᠵᠢ ᠤᠯᠭᠤᠵᠦ᠂ ᠳᠠᠪᠬᠤᠷᠳᠠᠭᠤᠯᠤᠨ ᠲᠤᠰᠠᠯᠠᠮᠵᠢ ᠤᠯᠭᠤᠬᠤ ᠦᠭᠡᠢ᠃ᠳᠦᠷᠪᠡ᠂ ᠲᠤᠰᠠᠯᠠᠮᠵᠢ ᠡᠷᠡᠮᠠᠯᠵᠠᠯᠠᠬᠦ ᠳᠤ ᠬᠦᠢᠴᠡᠳᠬᠡᠬᠦ ᠵᠦᠢᠯ ︵ᠨᠢᠭᠡ︶  ᠡᠷᠡᠮᠠᠯᠵᠡᠯᠡᠭᠴᠢ ᠨᠢ ︽ᠬᠦᠴᠢᠷᠳᠡᠯᠲᠡᠢ ᠵᠡᠮᠳᠡᠭ ᠬᠦᠮᠦᠨ ᠤ ᠲᠦᠷ ᠴᠠᠭ ᠤᠨ ᠲᠤᠰᠠᠯᠠᠮᠵᠢ ᠭᠤᠶᠤᠴᠢᠯᠠᠬᠤ  ᠡᠷᠡᠮᠠᠯᠵᠠᠯᠠᠯ ᠤᠨ ᠬᠦᠰᠦᠨᠦᠭ︾ ᠢ ᠲᠠᠭᠯᠠᠨ᠎ᠠ᠃ ︵ᠬᠤᠶᠠᠷ︶ ᠲᠤᠰ ᠬᠦᠮᠦᠨ ᠤ ᠪᠡᠶ᠎ᠡ ᠶᠢᠨ ᠦᠨᠡᠮᠯᠡᠯ᠂ ᠵᠡᠮᠳᠡᠭ ᠬᠦᠮᠥᠨ ᠤ ᠦᠨᠡᠮᠯᠡᠯ᠂ ᠪᠠᠩᠬᠢ ᠶᠢᠨ ᠺᠠᠷᠲ ᠤᠨ ᠬᠠᠭᠤᠯᠪᠤᠷᠢ ᠪᠠᠨ ᠳᠤᠰᠢᠶᠠᠨ᠎ᠠ᠃ ︵︽ᠤᠯᠠᠨ ᠵᠡᠮᠳᠡᠭ ᠲᠠᠢ ᠭᠡᠷ ᠪᠦᠯᠢ︾᠂ ᠦᠷ᠎ᠡ ᠬᠡᠤᠬᠡᠳ ᠤᠨ ᠰᠤᠷᠭᠠᠨ ᠬᠦᠮᠦᠵᠢᠯ  ᠠᠴᠠ ᠰᠢᠯᠲᠠᠭᠠᠯᠠᠭᠳᠠᠵᠤ ᠠᠮᠢᠳᠤᠷᠠᠯ ᠨᠢ ᠬᠦᠴᠢᠷᠳᠡᠭᠰᠡᠳ ᠡᠷᠦᠭᠡ ᠠᠮᠠ ᠶᠢᠨ ᠳᠡᠪᠲᠡᠷ ᠬᠢᠭᠡᠳ ᠭᠡᠷ ᠪᠦᠯᠢ ᠶᠢᠨ ᠪᠤᠰᠤᠳ ᠪᠦᠷᠢᠯᠳᠦᠬᠦᠨ ᠤ ᠵᠡᠮᠳᠡᠭ ᠬᠦᠮᠥᠨ ᠤ ᠦᠨᠡᠮᠯᠡᠯ ᠢ ᠬᠠᠩᠭᠠᠬᠤ ᠬᠡᠷᠡᠭᠲᠡᠢ︶ ︵ᠭᠤᠷᠪᠠ︶ ᠲᠤᠰ ᠬᠦᠮᠦᠨ ᠪᠤᠯᠤᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ ᠢᠶᠠᠨ ᠦᠨᠡᠨ ᠪᠤᠳᠠᠲᠠᠢ ᠬᠠᠩᠭᠠᠬᠤ ᠬᠡᠷᠡᠭᠲᠡᠢ᠃ ︵ᠳᠦᠷᠪᠡ︶ ᠤᠶᠢᠷ᠎ᠠ ᠶᠢᠨ ᠬᠠᠭᠠᠰ ᠵᠢᠯ ᠤᠨ ᠳᠤᠲᠤᠷᠠᠬᠢ ᠡᠪᠡᠳᠴᠢᠨ ᠤ ᠭᠡᠷᠡᠴᠢ᠂ ᠡᠮᠨᠡᠬᠦᠯᠦᠭᠰᠡᠨ ᠭᠡᠷᠡᠴᠢ ᠬᠢᠭᠡᠳ ᠡᠮᠨᠡᠯᠭᠡ ᠶᠢᠨ ᠳᠠᠩᠰᠠ ᠴᠠᠶᠢᠷᠠᠭᠤᠯᠤᠭᠰᠠᠨ ᠭᠡᠷᠡᠴᠢ ᠪᠠᠨ ᠬᠠᠩᠭᠠᠬᠤ ᠭᠡᠷᠡᠭᠲᠡᠢ᠃ ︵ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠶᠢᠨ ᠠᠳᠡᠯ ᠪᠤᠯ ᠳᠤᠬᠠᠢ ᠶᠢᠨ ᠲᠠᠯᠠᠪᠠᠢ ᠶᠢᠨ  ᠦᠨᠡᠨ ᠪᠤᠳᠠᠲᠠᠢ ᠪᠠᠶᠢᠳᠠᠯ ᠪᠤᠯᠤᠨ ᠵᠢᠷᠤᠭ ᠳᠦᠷᠰᠤ ᠶᠢ ᠬᠠᠩᠭᠠᠬᠤ ᠬᠡᠷᠡᠭᠲᠡᠢ︶   ᠲᠠᠪᠤ᠂ ᠳᠠᠩᠰᠠ ᠡᠪᠬᠡᠮᠡᠯ ᠪᠠᠶᠢᠭᠤᠯᠬᠤ ᠬᠤᠷᠢᠶᠠᠨ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠡᠷᠦᠭᠡ ᠪᠦᠷᠢ ᠳᠤ ᠳᠤᠰᠬᠠᠢ ᠳᠠᠩᠰᠠ ᠡᠪᠬᠡᠮᠡᠯ ᠪᠠᠶᠢᠭᠤᠯᠵᠦ᠂ ᠲᠤᠰᠠᠯᠠᠮᠵᠢ ᠭᠤᠶᠤᠴᠢᠯᠠᠬᠤ ᠡᠷᠡᠮᠠᠯᠵᠠᠯᠠᠯ ᠂ ᠲᠤᠰᠠᠯᠠᠮᠵᠢ ᠶᠢᠨ ᠪᠠᠷᠢᠮᠲᠠ ᠵᠡᠷᠬᠡ ᠶᠢ ᠳᠠᠩᠰᠠ ᠡᠪᠬᠡᠮᠡᠯ ᠤᠨ ᠲᠠᠰᠤᠭ ᠲᠤ ᠬᠤᠷᠢᠶᠠᠨ ᠬᠠᠳᠠᠭᠠᠯᠠᠨ᠎ᠠ᠃    ᠵᠢᠷᠭᠤᠭ᠎ᠠ᠂ ᠬᠢᠨᠠᠨ ᠵᠦᠪᠰᠢᠶᠡᠷᠡᠬᠦ ᠠᠯᠬᠤᠮ ᠳᠠᠷᠠᠭ᠎ᠠ︵ᠨᠢᠭᠡ︶ ᠡᠷᠡᠮᠠᠯᠵᠡᠯᠡᠭᠴᠢ ᠨᠢ ᠬᠤᠰᠢᠭᠤ ᠵᠡᠮᠳᠡᠭᠴᠦᠳ ᠤᠨ ᠬᠤᠯᠪᠤᠭᠠᠨ ᠳᠤ ᠢᠷᠡᠵᠦ ︽ᠬᠢᠨᠠᠨ ᠵᠦᠪᠰᠢᠶᠡᠷᠡᠬᠦ ᠬᠦᠰᠦᠨᠦᠭ︾ ᠢ ᠲᠠᠭᠯᠠᠨ᠎ᠠ᠃︵ᠬᠤᠶᠠᠷ︶ ᠲᠤᠰᠠᠯᠠᠮᠵᠢ ᠤᠯᠬᠤ ᠨᠦᠬᠦᠴᠡᠯ ᠳᠤ ᠨᠡᠶᠢᠴᠡᠭᠰᠡᠨ ᠵᠡᠮᠳᠡᠭ ᠬᠦᠮᠦᠨ ᠪᠤᠶᠤ ᠬᠠᠤᠯᠢ ᠶᠤᠰᠤᠨ ᠤ ᠬᠢᠨᠠᠨ ᠬᠠᠮᠢᠶᠠᠷᠤᠭᠴᠢ ᠨᠢ ᠬᠠᠷᠢᠶᠠᠯᠠᠭᠳᠠᠬᠤ ᠰᠤᠮᠦ ︵ᠪᠠᠯᠭᠠᠰᠤ︶᠂ ᠭᠠᠴᠠᠭ᠎ᠠ ︵ᠨᠡᠶᠢᠭᠡᠮ ᠲᠤᠭᠤᠷᠢᠭ︶ ᠪᠠᠷ ᠬᠢᠨᠠᠨ ᠬᠠᠷᠭᠤᠭᠤᠯᠵᠦ ᠵᠦᠪᠰᠢᠶᠡᠷᠡᠬᠦᠯᠦᠨ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ ᠬᠤᠰᠢᠭᠤ ᠵᠡᠮᠳᠡᠭᠴᠦᠳ ᠤᠨ  ᠬᠤᠯᠪᠤᠭᠠᠨ ᠳᠤ ᠮᠡᠳᠡᠬᠦᠯᠦᠨ᠎ᠡ᠃ ︵ᠭᠤᠷᠪᠠ︶ ᠬᠤᠰᠢᠭᠤ ᠵᠡᠮᠳᠡᠭᠴᠦᠳ ᠤᠨ ᠬᠤᠯᠪᠤᠭᠠᠨ ᠤ ᠳᠤᠬᠠᠶᠢᠯᠠᠭᠰᠠᠨ ᠠᠵᠢᠯ ᠤᠨ ᠬᠠᠷᠢᠭᠤᠴᠠᠭᠴᠢ ᠨᠢ ᠨᠦᠬᠦᠴᠡᠯ ᠳᠤ ᠨᠡᠶᠢᠴᠡᠭᠰᠡᠳ ᠢ ᠲᠡᠮᠳᠡᠭᠯᠡᠨ ᠳᠠᠩᠰᠠᠯᠠᠵᠦ᠂ ᠭᠠᠷ ᠬᠦᠢᠴᠡᠳᠬᠡᠯ ᠢ ᠨᠢ ᠪᠦᠷᠢᠨᠰᠢᠬᠦᠯᠦᠨ᠂ ᠬᠤᠰᠢᠭᠤ ᠵᠡᠮᠳᠡᠭᠴᠦᠳ ᠤᠨ ᠬᠤᠯᠪᠤᠭᠠᠨ ᠤ ᠨᠠᠮ ᠤᠨ ᠳᠤᠭᠤᠶᠢᠯᠠᠩ ᠤᠨ ᠬᠤᠷᠠᠯ ᠳᠤ ᠳᠡᠪᠰᠢᠬᠦᠯᠦᠨ᠎ᠡ᠂ ᠨᠠᠮ ᠤᠨ ᠳᠤᠭᠤᠶᠢᠯᠠᠩ ᠤᠨ ᠬᠤᠷᠠᠯ ᠢᠶᠠᠷ ᠵᠦᠪᠰᠢᠶᠡᠷᠡᠭᠰᠡᠳ ᠲᠤ ᠲᠤᠰᠠᠯᠠᠮᠵᠢ ᠤᠯᠭᠤᠨ᠎ᠠ᠃ ᠳᠤᠰᠠᠯᠠᠮᠵᠢ ᠤᠯᠬᠤ ᠨᠦᠬᠦᠴᠡᠯ ᠳᠤ ᠦᠯᠦ ᠨᠡᠶᠢᠴᠡᠭᠰᠡᠳ ᠢ ᠳᠠᠷᠤᠢ  ᠳᠤᠨᠢ ᠪᠤᠴᠠᠭᠠᠵᠦ᠂ ᠬᠦᠯᠢᠶᠠᠨ ᠠᠪᠬᠤ ᠦᠭᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号