ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/7/26
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 24 ᠤ ᠴᠠᠭᠢᠯᠭᠠᠨ ᠮᠡᠳᠡᠭᠡ ᠨ᠊ ‍ᠠᠮ ᠤᠨ ᠲᠥᠪ ᠬᠤᠷᠢᠶ᠎ᠠ  ᠶᠢᠨ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 24 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃      ᠬᠤᠷᠠᠯ ᠠᠴᠠ᠂ ᠡᠨᠡ ᠵᠢᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ᠂ ᠶᠡᠷᠦᠩᠬᠡᠢ ᠳᠡᠭᠡᠨ ᠳᠡᠭᠡᠭᠰᠢᠯᠡᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ ᠢ ᠳᠡᠰ ᠳᠡᠪᠰᠢᠭᠦᠯᠬᠦ ᠶᠢ ᠰᠠᠶᠢᠲᠤᠷ ᠠᠬᠢᠭᠤᠯᠵᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠶᠢ ᠲᠠᠯᠪᠢᠵᠠᠢ ᠭᠡᠵᠦ ᠦᠵᠡᠪᠡ᠃      ᠬᠤᠷᠠᠯ ᠠᠴᠠ᠂ ᠣᠳᠣᠬᠠᠨ ᠤ ᠠᠵᠤ ᠠᠬᠤᠢ ᠶᠢᠨ ᠡᠷᠭᠢᠯᠲᠡ ᠳᠤ ᠰᠢᠨ᠎ᠡ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠤᠣᠯᠳᠠᠭᠤ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯᠲᠡᠢ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠨᠡᠯᠢᠶᠡᠳ ᠤᠯᠠᠨ᠂ ᠭᠠᠳᠠᠭᠠᠳᠤ ᠣᠷᠴᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠰᠢᠯᠵᠢᠭᠰᠡᠨ ᠤ ᠳᠠᠷᠠᠭ᠎ᠠ᠂ ᠠᠵᠤ ᠠᠬᠤᠢ ᠶᠢᠨ ᠰᠡᠷᠭᠦᠯᠲᠡ ᠨᠢ ᠳᠠᠪᠠᠯᠭᠠᠨ ᠮᠠᠶ᠋ᠢᠭ ᠤᠨ ᠬᠥᠭᠵᠢᠯᠲᠡ᠂ ᠮᠤᠷᠤᠢ ᠰᠠᠷᠤᠢ ᠮᠠᠶ᠋ᠢᠭ ᠢᠶᠠᠷ ᠤᠷᠤᠭᠰᠢᠯᠠᠬᠤ ᠶᠠᠪᠤᠴᠠ ᠪᠣᠯᠣᠨ᠎ᠠ᠃ ᠮᠠᠨ ᠤ ᠤᠯᠤᠰ ᠤᠨ ᠠᠵᠤ ᠠᠬᠤᠢ ᠯᠤᠲᠤ ᠶᠡᠭᠡ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠳᠠᠯᠳᠠ ᠬᠦᠴᠦᠨ ᠲᠠᠢ ᠪᠠᠶᠢᠵᠤ᠂ ᠤᠷᠲᠤ ᠬᠤᠭᠤᠴᠠᠭᠠᠨ ᠤ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠬᠤᠪᠢᠷᠠᠭᠰᠠᠨ ᠦᠭᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠷᠸ᠎ᠠ ᠲᠦᠷᠦ ᠶᠢᠨ ᠪᠣᠳᠣᠯᠭ᠎ᠠ ᠶᠢᠨ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠦᠴᠦ ᠣᠷᠣᠭᠤᠯᠵᠤ᠂ ᠠᠵᠤ ᠠᠬᠤᠢ ᠶᠢᠨ ᠡᠷᠭᠢᠯᠲᠡ ᠶᠢ ᠦᠷᠭᠦᠯᠵᠢᠯᠡᠨ ᠰᠠᠶᠢᠵᠢᠷᠠᠭᠤᠯᠬᠤ᠂ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠬᠤ᠂ ᠨᠡᠶᠢᠭᠡᠮ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠬᠤ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠳᠠ ᠦᠭᠡᠢ ᠠᠬᠢᠭᠤᠯᠵᠤ᠂ ᠠᠵᠤ ᠠᠬᠤᠢ ᠶᠢᠨ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠠᠰᠢᠭᠯᠠᠵᠤ᠂ ᠬᠦᠴᠦᠯᠡᠬᠦ ᠴᠢᠭᠯᠡᠯ ᠢᠶᠠᠨ ᠣᠨᠣᠪᠴᠢᠲᠠᠢ ᠣᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠣᠨᠣᠪᠴᠢᠲᠠᠢ ᠪᠥᠭᠡᠳ ᠬᠦᠴᠦᠲᠡᠢ ᠬᠡᠷᠡᠭᠵᠢᠭᠦᠯᠵᠦ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠪᠣᠯᠣᠨ ᠲᠦᠷᠦ ᠶᠢᠨ ᠪᠣᠳᠣᠯᠭ᠎ᠠ ᠶᠢᠨ ᠨᠥᠭᠡᠴᠡ ᠶᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ᠂ ᠰᠢᠯᠢᠳᠡᠭᠵᠢᠭᠦᠯᠬᠦ᠂ ᠲᠡᠭᠦᠯᠳᠡᠷᠵᠢᠭᠦᠯᠬᠦ ᠶᠢᠨ ᠬᠠᠮᠲᠤ ᠰᠠᠶᠢᠲᠤᠷ ᠨᠠᠶᠢᠳᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠳᠠᠲᠤ ᠴᠣᠭᠴᠠ ᠶᠢᠨ ᠠᠵᠤ ᠠᠬᠤᠢ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠳᠡᠮᠵᠢᠬᠦ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠤᠯᠭᠠᠵᠤ᠂ ᠪᠡᠯᠡ ᠣᠷᠣᠭᠤᠯᠤᠭᠴᠢᠳ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠬᠡᠷᠡᠭᠯᠡᠭᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠭᠤᠷᠢᠯᠠᠬᠤ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ ᠬᠡᠷᠡᠭᠯᠡᠭᠡ ᠶᠢ ᠥᠷᠭᠡᠳᠬᠡᠵᠦ᠂ ᠡᠴᠦᠰ ᠤᠨ ᠬᠡᠷᠡᠭᠴᠡᠭᠡ ᠪᠠᠷ ᠳᠠᠮᠵᠢᠭᠤᠯᠤᠨ ᠪᠦᠲᠦᠮᠵᠢᠲᠡᠢ ᠬᠠᠩᠭᠠᠯᠭ᠎ᠠ ᠶᠢ ᠲᠠᠶᠢᠴᠢᠯᠠᠵᠥ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯᠣᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠮᠠᠰᠢᠨ ᠲᠡᠷᠭᠡ᠂ ᠡᠯᠧᠺᠲᠷᠣᠨ ᠦᠢᠯᠡᠳᠬᠦᠨ᠂ ᠭᠡᠷ ᠤᠨ ᠡᠳ᠋ᠯᠡᠯ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠪᠡᠶ᠎ᠡ ᠶᠢᠨ ᠲᠠᠮᠢᠷ ᠵᠤᠭ᠎ᠠ ᠰᠡᠯᠡᠭᠦᠴᠡᠯ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ᠃ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ᠃ ᠤᠯᠠᠨ ᠤᠯᠤᠰ ᠤᠨ ᠵᠢᠰᠢᠶᠠᠨ ᠤ ᠨᠢᠰᠬᠡᠯ ᠢ ᠨᠡᠮᠡᠭᠳᠡᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠣᠭᠲᠠᠪᠤᠷᠢᠲᠠᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠡᠩ ᠤᠯᠠᠨ ᠲᠤᠯᠭᠠᠭᠤᠷᠢ ᠠᠵᠤ ᠦᠢᠯᠡᠰ ᠢ ᠪᠠᠶᠢᠭᠤᠯᠬᠤ ᠶᠢ ᠲᠦᠷᠭᠡᠳᠬᠡᠬᠦ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠪᠣᠯᠣᠨ ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠠᠪᠴᠠᠩᠳᠤ ᠠᠵᠤ ᠠᠬᠤᠶᠢᠯᠠᠯ ᠤᠨ ᠵᠢᠷᠤᠮᠵᠢᠭᠤᠨ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠢ ᠡᠷᠡᠰ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠯᠤᠭ᠎ᠠ ᠶᠢᠨ ᠪᠠᠶᠢᠩᠭᠤᠵᠢᠭᠰᠠᠨ ᠣᠯᠣᠯᠴᠠᠭ᠎ᠠ ᠰᠣᠯᠢᠯᠴᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠵᠣᠷᠢᠭᠲᠠᠢ ᠪᠠᠷ ᠰᠢᠪᠲᠤᠯᠤᠯᠲᠠ ᠬᠢᠬᠦ᠂ ᠵᠣᠷᠢᠭᠲᠠᠢ ᠪᠠᠷ ᠪᠡᠯᠡ ᠣᠷᠣᠭᠤᠯᠬᠤ᠂ ᠵᠣᠷᠢᠭᠲᠠᠢ ᠪᠠᠷ ᠠᠶᠤᠯ ᠲᠦᠭᠰᠢᠭᠦᠷᠢ ᠶᠢ ᠡᠭᠦᠷᠭᠡᠯᠡᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠢ ᠢᠳᠡᠪᠬᠢᠲᠡᠢ ᠡᠭᠦᠳᠬᠦ ᠬᠡᠷᠡᠭᠲᠡᠢ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠣᠯᠣᠨ ᠴᠢᠯᠦᠭᠡᠲᠦ ᠠᠷᠠᠯᠵᠢᠶᠠᠨ ᠤ ᠭᠠᠷᠠᠮ ᠢ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠶᠢ ᠳᠡᠮᠵᠢᠵᠤ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠠᠬᠢᠭᠤᠯᠬᠤ ᠬᠡᠷᠡᠭᠲᠡᠢ᠃ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠨᠢᠮᠪᠠᠢ ᠰᠠᠶᠢᠲᠤᠷ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠮᠠᠨ ᠤ ᠤᠯᠤᠰ ᠤᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠵᠤ᠂ ᠭᠡᠷ ᠭᠠᠵᠠᠷ ᠤᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢᠨ ᠪᠠᠶᠢᠳᠠᠯ ᠲᠠᠢ ᠪᠠᠨ ᠵᠣᠬᠢᠴᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠵᠦ᠂ ᠰᠠᠭᠤᠭᠠᠯᠢ ᠠᠷᠠᠳ ᠤᠨ ᠬᠠᠲᠠᠭᠤ ᠬᠡᠷᠡᠭᠴᠡᠭᠡᠲᠦ ᠪᠠ ᠰᠠᠶᠢᠵᠢᠷᠠᠭᠤᠯᠬᠤ ᠬᠡᠷᠡᠭᠴᠡᠭᠡᠲᠦ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠪᠠ ︽ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠯ᠎ᠡ ᠲᠦᠷᠦᠯ ᠤᠨ ᠰᠤᠯᠠ ᠪᠠᠶᠢᠭ᠎ᠠ ᠭᠡᠷ ᠭᠠᠵᠠᠷ ᠤᠨ ᠬᠥᠷᠥᠩᠭᠡ ᠶᠢᠨ ᠡᠷᠭᠢᠯᠲᠡ ᠶᠢ ᠰᠠᠶᠢᠵᠢᠷᠠᠭᠤᠯᠬᠤ ᠪᠠ ᠥᠭᠡᠷᠡᠴᠢᠯᠡᠬᠦ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠪᠦᠭᠦᠨ ᠢ ᠬᠠᠮᠤᠷᠤᠭᠰᠠᠨ ᠥᠷᠢ ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠭᠠᠨ ᠲᠡᠭᠡᠭᠰᠢᠯᠡᠭᠦᠯᠵᠤ ᠪᠦᠭᠦ ᠲᠠᠯ᠎ᠠ ᠪᠠᠷ ᠪᠣᠳᠣᠯᠬᠢᠯᠠᠵᠤ᠂ ᠦᠨᠳᠦᠰᠦᠨ ᠱᠠᠲᠤᠨ ᠤ︽ᠭᠤᠷᠪᠠ ᠶᠢ ᠪᠠᠲᠤᠯᠠᠬᠤ︾ᠬᠤᠷᠢᠭ᠎ᠠ ᠱᠤᠭᠤᠮ ᠢ ᠯᠠᠪᠳᠠᠭᠤᠨ ᠪᠠᠲᠤᠲᠠᠢ ᠰᠠᠬᠢᠵᠤ ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠢ ᠨᠡᠮᠡᠭᠳᠡᠭᠦᠯᠬᠦ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠵᠤᠨ ᠤ ᠤᠯᠠᠷᠢᠯ ᠤᠨ ᠡᠨᠧᠷᠭᠢ ᠴᠠᠭᠢᠯᠭᠠᠨ ᠬᠦᠴᠦᠨ ᠤ ᠬᠡᠷᠡᠭᠯᠡᠭᠡ ᠶᠢᠨ ᠤᠷᠭᠢᠯ ᠤᠨ ᠬᠤᠭᠤᠴᠠᠭ᠎ᠠ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠵᠥᠪ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠨᠢ ᠨᠡᠩ ᠰᠠᠶᠢᠲᠤᠷ ᠬᠥᠭᠵᠢᠭᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ ᠴᠢᠳᠠᠮᠠᠭᠠᠢ ᠰᠢᠯᠢᠳᠡᠭ ᠺᠠᠳ᠋ᠷ ᠢ ᠴᠣᠯᠭᠤᠷᠠᠭᠤᠯᠵᠤ᠂ ᠢᠯᠡᠭᠦᠬᠡᠨ ᠬᠤᠪᠢ ᠨᠡᠮᠡᠷᠢ ᠦᠵᠡᠭᠦᠯᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号