ᠮᠠᠨ ᠤ ᠨᠢᠭᠡᠴᠡ ᠶᠢᠨ ᠬᠢᠨ ᠲᠡᠷᠢᠭᠦᠯᠡᠯ᠎ᠡ | | | 7 ᠰᠠᠷ᠎ᠠ ᠶᠢᠨ 22 - 23 ᠤ ᠡᠳᠦᠷ᠂ ᠪᠥᠬᠦ ᠣᠯᠣᠰ ᠤᠨ ᠵᠢᠷᠭᠤᠳᠣᠭᠠᠷ ᠬᠤᠭᠤᠴᠠᠭᠠᠨ ᠤ ᠱᠠᠯᠪᠣᠷ ᠪᠥᠬᠡ ᠶᠢᠨ ︽ | ᠠᠯᠲᠠᠨ ᠪᠥᠰᠡ︾ ᠶᠢᠨ ᠲᠡᠮᠡᠴᠡᠭᠡᠨ ᠰᠢᠨᠵᠢᠶᠠᠩ ᠤᠨ ᠬᠠᠷᠬᠤᠰᠣᠨ ᠬᠤᠲᠠ ᠳᠤ ᠠᠮᠵᠢᠯᠲᠠᠲᠠᠢ ᠶᠠᠪᠤᠭᠳᠠᠯ᠎ᠠ᠃ | ᠣᠶᠢᠯᠠᠭᠠᠭᠰᠠᠨ ᠢᠶᠠᠷ᠂ 2014 ᠣᠨ ᠤ 7 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠷᠬᠤᠰᠣᠨ | ᠬᠤᠲᠠ ᠶᠢᠨ ᠮᠣᠩᠭᠤᠯ ᠪᠥᠬᠡ ᠶᠢ ᠳᠥᠷᠪᠡᠳᠦᠭᠡᠷ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠣ᠂ ᠬᠠᠷᠬᠤᠰᠣᠨ ᠬᠤᠲᠠ ᠶᠢᠨ ᠤᠯᠤᠰ ᠤᠨ ᠲᠠᠰ ᠤᠨ ᠨᠡᠷᠡᠰ ᠤᠨ | ᠵᠢᠭᠰᠠᠭᠠᠯᠲᠠ ᠳᠤ ᠣᠷᠣᠭᠰᠠᠨ ᠠᠩᠬᠠᠳᠠᠭᠴᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠯᠤᠭᠰᠠᠨ | ᠪᠠᠶᠢᠨ᠎ᠠ᠃ | ᠲᠣᠰ ᠣᠳᠠᠭᠠᠨ ᠤ ᠲᠡᠮᠡᠴᠡᠭᠡᠨ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠣᠭᠳᠠᠵᠣ᠂ ᠥᠪᠦᠷ ᠮᠣᠩᠭᠤᠯ᠂ | ᠬᠥᠬᠡᠨᠠᠭᠤᠷ᠂ ᠭᠠᠨᠰᠣ ᠵᠡᠷᠭᠡ ᠭᠠᠵᠠᠷ ᠤᠨ 14 ᠨᠢᠭᠡᠴᠡ ᠶᠢᠨ ᠵᠠᠭᠤ ᠭᠠᠷᠣᠢ ᠲᠠᠮᠢᠷᠴᠢᠨ ᠱᠠᠯᠪᠣᠷ ᠪᠥᠬᠡ ᠪᠤᠯᠤᠨ | ᠮᠤᠩᠭᠤᠯ ᠪᠦᠬᠡ ᠶᠢᠨ ᠲᠡᠮᠡᠴᠡᠭᠡᠨ ᠳᠤ ᠣᠷᠣᠯᠴᠠᠵᠣ᠂ ᠱᠠᠯᠪᠣᠷ ᠪᠥᠬᠡ ᠶᠢᠨ ᠡᠷᠡᠭᠲᠠᠢ ᠶᠢᠨ ᠨᠢᠭᠡᠴᠡ ᠶᠢᠨ ᠣᠷᠣᠯᠳᠣᠭᠠᠨ᠂ | ᠬᠤᠪᠢ ᠬᠦᠮᠦᠨ ᠤ ᠣᠷᠣᠯᠳᠣᠭᠠᠨ ᠪᠠ ᠮᠣᠩᠭᠤᠯ ᠪᠥᠬᠡ ᠶᠢᠨ ᠨᠢᠭᠡᠴᠡ ᠶᠢᠨ ᠣᠷᠣᠯᠳᠣᠭᠠᠨ ᠵᠢᠴᠢ ᠬᠤᠪᠢ ᠬᠦᠮᠦᠨ ᠤ | ᠣᠷᠣᠯᠳᠣᠭᠠᠨ ᠶᠠᠪᠣᠭᠳᠠᠵᠣ᠂ ᠬᠤᠷᠴᠠ ᠰᠢᠷᠦᠬᠦᠨ ᠦᠷᠢᠰᠦᠯᠳᠦᠬᠡᠨ ᠢᠶᠠᠷ ᠲᠠᠮᠵᠢᠨ ᠦᠪᠦᠷ ᠮᠣᠩᠭᠤᠯ ᠤᠨ ᠪᠦᠬᠡ ᠶᠢᠨ | ᠨᠡᠶᠢᠭᠡᠮᠯᠢᠭ ᠤᠨ ᠠᠩᠭᠢ ᠶᠢ ᠲᠦᠯᠦᠭᠡᠯᠡᠨ ᠣᠷᠣᠯᠴᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠲᠠᠭᠠᠭᠤᠯᠣᠭᠴᠢ | ᠠᠯᠳᠠᠠᠭᠡᠷᠡᠯ᠂ ᠰᠣᠷᠭᠠᠭᠴᠢ ᠬᠦᠷᠡᠯᠪᠠᠭᠠᠲᠣᠷ᠂ ᠲᠠᠮᠢᠷᠴᠢᠨ ᠪᠠᠶᠠᠨᠪᠠᠭᠠᠲᠣᠷ᠂ ᠬᠠᠰᠵᠠᠭᠠᠨ᠂ ᠲᠡᠷᠭᠡᠯ ᠨᠠᠷ ᠮᠣᠩᠭᠤᠯ ᠪᠦᠬᠡ | ᠶᠢᠨ ᠨᠢᠭᠡᠴᠡ ᠶᠢᠨ ᠲᠡᠮᠡᠴᠡᠭᠡᠨ ᠳᠤ ᠨᠢᠭᠡᠳᠦᠬᠡᠷ ᠨᠡᠷ᠎ᠡ ᠳᠤ ᠰᠢᠯᠭᠠᠷᠠᠭᠰᠠᠨ ᠪᠠᠶᠢᠨ᠎ᠠ᠃ | |