ᠪᠠᠶᠠᠨᠬᠤᠰᠢᠭᠤ ᠰᠣᠮᠣᠨ ᠤ ᠮᠠᠯ ᠠᠵᠣ ᠠᠬᠤᠢ ᠶᠢᠨ ᠬᠡᠷᠡᠭᠯᠡᠭᠡᠨ ᠤ ᠮᠡᠷᠭᠡᠵᠢᠯ ᠤᠨ ᠬᠤᠶᠠᠳᠣᠭᠠᠷ ᠬᠤᠭᠤᠴᠠᠭᠠᠨ | ᠤ ᠪᠣᠯᠪᠠᠰᠣᠷᠠᠯ ᠡᠬᠢᠯᠡᠪᠡ | | | ᠦᠵᠦᠮᠦᠴᠢᠨ ᠴᠠᠭᠠᠨ ᠠᠳᠣᠭᠤᠨ ᠤ ᠡᠭᠦᠯᠳᠡᠷ ᠢ ᠰᠠᠶᠢᠵᠢᠷᠠᠭᠤᠯᠣᠨ᠂ ᠣᠷᠣᠨ ᠨᠣᠲᠤᠭ ᠤᠨ ᠰᠢᠯᠢᠳᠡᠭ | ᠡᠭᠦᠯᠳᠡᠷ ᠢ ᠬᠠᠮᠠᠭᠠᠯᠠᠬᠤ ᠵᠢᠴᠢ ᠨᠡᠭᠡᠭᠡᠨ ᠠᠰᠢᠭᠯᠠᠬᠤ ᠱᠠᠭᠠᠷᠳᠠᠯᠭ᠎ᠠ ᠶᠣᠰᠣᠭᠠᠷ᠂ ᠴᠡᠭᠡᠨ ᠤ ᠠᠵᠤ ᠦᠢᠯᠡᠰ ᠢ | ᠬᠥᠭᠵᠢᠭᠦᠯᠬᠦ ᠪᠠᠷ ᠳᠠᠮᠵᠢᠭᠤᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ | ᠪᠥᠬᠦ ᠲᠠᠯ᠎ᠠ ᠪᠠᠷ ᠠᠬᠢᠭᠤᠯᠬᠤ ᠶᠢᠨ ᠲᠣᠰᠠᠳᠠ᠂ 7 ᠰᠠᠷ᠎ᠠ ᠶᠢᠨ 21 ᠤ ᠡᠳᠦᠷ᠂ ᠪᠠᠶᠠᠨᠬᠤᠰᠢᠭᠤ ᠰᠣᠮᠣ ᠨᠢ | ᠠᠳᠣᠭᠤᠨ ᠤ ᠦᠢᠯᠡᠰ ᠤᠨ ᠲᠣᠰᠬᠠᠢ ᠮᠡᠷᠭᠡᠵᠢᠯ ᠤᠨ ᠲᠠᠶᠢᠯᠣᠮᠵᠢ ᠶᠢᠨ ᠪᠣᠯᠪᠠᠰᠣᠷᠠᠯ ᠢ ᠡᠷᠬᠢᠯᠡᠨ ᠶᠠᠪᠤᠭᠳᠠᠭᠤᠯᠪᠠ᠃ | ᠪᠣᠯᠪᠠᠰᠣᠷᠠᠯ ᠳᠤ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠣᠨᠴᠠ | ᠣᠷᠢᠭᠰᠠᠨ ᠰᠣᠳᠣᠯᠣᠭᠴᠢ ᠪᠥᠷᠢᠨᠪᠢᠯᠢᠭ ᠪᠠᠭᠰᠢ ᠶᠢ ᠣᠷᠢᠵᠣ ᠲᠠᠶᠢᠯᠣᠮᠵᠢ ᠬᠢᠯᠭᠡᠵᠤ᠂ ᠮᠣᠩᠭᠤᠯ ᠠᠳᠣᠭᠤᠨ ᠤ | ᠭᠤᠣᠯᠳᠠᠯᠭᠠᠲᠣ ᠡᠷᠦᠭᠡ᠂ ᠴᠠᠭᠠᠨ ᠠᠳᠣᠭᠤᠨ ᠤ ᠭᠤᠣᠯᠳᠠᠯᠭᠠᠲᠣ ᠡᠷᠦᠬᠡ ᠪᠠ ᠡᠯ᠎ᠡ ᠭᠠᠴᠠᠭᠠᠨ ᠤ ᠠᠳᠣᠭᠤ | ᠮᠠᠯᠵᠢᠵᠣ ᠪᠠᠶᠢᠭ᠎ᠠ ᠮᠠᠯᠴᠢᠨ ᠡᠷᠦᠬᠡ ᠶᠢᠨ ᠨᠡᠶᠢᠲᠡ 30 ᠭᠠᠷᠣᠢ ᠬᠦᠮᠦᠨ ᠪᠣᠯᠪᠠᠰᠣᠷᠠᠯ ᠳᠤ ᠣᠷᠣᠯᠴᠠᠵᠠᠢ᠂ | ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠶᠤᠯ | ᠰᠤᠳᠤᠯᠬᠤ ᠭᠠᠵᠠᠷ ᠤᠨ ᠤᠨᠴᠠ ᠤᠷᠢᠭᠰᠠᠨ ᠰᠤᠳᠤᠯᠤᠭᠠᠴᠢ᠂ ︽ᠮᠤᠩᠭᠤᠯ ᠠᠳᠤᠭᠤ︾ ᠰᠡᠳᠬᠦᠯ ᠤᠨ ᠡᠷᠬᠢᠯᠡᠨ | ᠨᠠᠶᠢᠷᠠᠭᠤᠯᠤᠭᠴᠢ ᠪᠦᠷᠢᠨᠪᠢᠯᠢᠭ ᠠᠴᠠ ᠰᠢᠨ᠎ᠡ ᠬᠡᠯᠪᠡᠷᠢ ᠶᠢᠨ ᠴᠠᠭᠠᠨ ᠢᠳᠡᠭᠡᠨ ᠤ ᠵᠦᠢᠯᠡᠰ ᠤᠨ ᠣᠳᠣᠬᠢ ᠪᠠᠶᠢᠳᠠᠯ | ᠪᠣᠯᠣᠨ ᠬᠥᠭᠵᠢᠯᠲᠡ ᠶᠢᠨ ᠬᠠᠨᠳᠣᠰᠢ᠂ ᠴᠡᠭᠡ ᠶᠢᠨ ᠠᠵᠤ ᠦᠢᠯᠡᠳᠪᠦᠷᠢᠵᠢᠯᠲᠡ ᠵᠢᠴᠢ ᠵᠠᠬ᠎ᠠ ᠳᠡᠯᠭᠡᠭᠦᠷᠴᠢᠯᠡᠯᠲᠡ᠂ | ᠠᠳᠣᠭᠤᠨ ᠰᠣᠶᠣᠯ ᠤᠨ ᠰᠣᠳᠣᠯᠣᠯᠲᠠ ᠶᠢᠨ ᠲᠣᠬᠠᠢ ᠲᠠᠶᠢᠯᠤᠮᠵᠢ ᠬᠢᠵᠣ᠂ ᠮᠠᠯᠴᠢᠳ ᠲᠠᠢ ᠰᠠᠨᠠᠯ ᠪᠣᠳᠣᠯ ᠢᠶᠠᠨ | ᠰᠣᠯᠢᠯᠴᠠᠨ᠂ ᠮᠠᠯᠴᠢᠳ ᠤᠨ ᠴᠠᠭᠠᠨ ᠢᠳᠡᠭᠡᠨ ᠤ ᠪᠥᠲᠦᠭᠡᠭᠳᠡᠬᠦᠨ ᠤ ᠲᠥᠷᠦᠯ ᠵᠦᠢᠯ ᠢ ᠨᠡᠭᠡᠭᠡᠨ ᠭᠥᠭᠵᠢᠭᠦᠯᠬᠦ ᠪᠠᠷ | ᠳᠠᠮᠵᠢᠨ᠂ ᠲᠣᠬᠠᠢ ᠶᠢᠨ ᠭᠠᠵᠠᠷ ᠤᠨ ᠠᠳᠣᠭᠤᠨ ᠤ ᠠᠵᠣ ᠦᠢᠯᠡᠰ ᠤᠨ ᠪᠥᠬᠦᠯᠢ ᠴᠣᠭᠴᠠ ᠶᠢᠨ ᠭᠥᠭᠵᠢᠯᠲᠡ ᠶᠢ | ᠴᠢᠩᠭᠠᠳᠬᠠᠬᠤ ᠶᠢ ᠣᠷᠢᠶᠠᠯᠠᠭᠰᠠᠨ ᠪᠠᠶᠢᠨ᠎ᠠ᠃ | ᠪᠣᠯᠪᠠᠰᠣᠷᠠᠯ ᠢᠶᠠᠷ ᠳᠠᠮᠵᠢᠨ᠂ ᠮᠠᠯᠴᠢᠳ ᠲᠣᠰ ᠣᠳᠠᠭᠠᠨ ᠤ ᠪᠣᠯᠪᠠᠰᠣᠷᠠᠯ ᠨᠢ ᠠᠭᠤᠯᠭ᠎ᠠ ᠪᠠᠶᠠᠯᠢᠭ᠂ | ᠬᠠᠨᠳᠣᠯᠭᠠᠲᠣ ᠴᠢᠨᠠᠷ ᠢᠶᠠᠷ ᠴᠢᠩᠭ᠎ᠠ᠂ ᠣᠯᠣᠯᠲᠠ ᠲᠥᠷᠦᠭᠳᠡᠯ ᠭᠦᠨ ᠪᠠᠶᠢᠵᠣ᠂ ᠬᠤᠶᠢᠰᠢᠳᠠ ᠰᠣᠷᠣᠭᠰᠠᠨ ᠮᠡᠷᠭᠡᠵᠢᠯ | ᠢᠶᠠᠨ ᠪᠣᠳᠠᠲᠠᠶᠢᠵᠢᠭᠤᠯᠣᠨ ᠬᠡᠷᠡᠭᠯᠡᠵᠤ᠂ ᠣᠳᠣ ᠦᠶ᠎ᠡ ᠶᠢᠨ ᠠᠳᠣᠭᠤᠨ ᠤ ᠠᠵᠣ ᠦᠢᠯᠡᠰ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠬᠡᠮᠡᠨ ᠢᠯᠡᠷᠬᠡᠶᠢᠯᠡᠭᠰᠡᠨ ᠪᠠᠶᠢᠨ᠎ᠠ᠃ |