ᠲᠦᠮᠡᠨ ᠲᠦᠬᠦᠷᠢᠭ ᠤᠨ ᠬᠠᠨᠳᠢᠪ ᠤᠨ ᠮᠦᠡᠭᠬᠦ ᠭᠠᠷᠳᠠᠭᠤᠯᠪᠠ
ᠨᠡᠶᠢᠲᠡᠯᠡᠭᠰᠡᠨ ᠴᠠᠭ᠄
2023/8/1
            ᠲᠦᠮᠡᠨ ᠲᠦᠬᠦᠷᠢᠭ ᠤᠨ ᠬᠠᠨᠳᠢᠪ ᠤᠨ ᠮᠦᠡᠭᠬᠦ ᠭᠠᠷᠳᠠᠭᠤᠯᠪᠠ                                                                    ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤᠨ ᠤ ᠪᠠᠶᠠᠠᠬᠠᠶᠢᠯᠠᠰᠤᠲᠠᠢ ᠭᠠᠴᠠᠭᠠᠨ ᠤ ᠮᠠᠯᠴᠢᠨ ᠡᠷᠳᠡᠨᠢᠴᠢᠯᠠᠭᠤ ᠶᠢᠨ ᠬᠡᠦᠬᠡᠨ ᠤᠳᠠᠮᠪᠠᠷᠠ 2016 ᠤᠨ ᠳᠤ ᠤᠯᠠᠭᠠᠨ ᠲᠤᠯᠪᠤᠳᠤ ᠴᠢᠨ᠋ᠸ᠎ᠠ ᠶᠢᠨ ᠶᠠᠷ᠎ᠠ ᠭᠡᠳᠡᠭ ᠡᠪᠡᠳᠴᠢᠨ ᠤ ᠢᠯᠡᠷᠡᠯ ᠭᠠᠷᠴᠤ᠂ ᠡᠪᠡᠳᠴᠢᠨ ᠨᠢ ᠬᠦᠨᠳᠦᠷᠡᠵᠦ᠂ ᠤᠳᠤᠬᠠᠨ ᠬᠠᠷ᠎ᠠ ᠪᠦᠭᠡᠷ᠎ᠡ ᠰᠤᠯᠢᠬᠤ ᠪᠤᠯᠤᠭᠰᠠᠨ  ᠢᠶᠠᠷ ᠶᠡᠭᠡ ᠬᠡᠮᠵᠢᠶᠡᠨ ᠤ ᠮᠦᠩᠭᠦ ᠭᠡᠷᠡᠭᠰᠡᠬᠦ ᠪᠤᠯᠬᠤᠷ ᠠᠮᠢᠳᠤᠷᠠᠯ ᠤᠨ ᠰᠠᠭᠤᠷᠢ ᠨᠢᠮᠭᠡᠨ ᠡᠨᠡ ᠠᠶᠢᠯ ᠭᠠᠷ ᠨᠤᠬᠤᠯᠠᠨ ᠭᠠᠴᠢᠭᠳᠠᠵᠤ᠂  ᠨᠡᠶᠢᠭᠡᠮ ᠨᠡᠶᠢᠳᠡ ᠠᠴᠠ ᠬᠠᠨᠳᠢᠪ ᠭᠤᠶᠤᠴᠢᠯᠠᠬᠤ ᠠᠵᠢᠯᠯᠠᠭ᠎ᠠ ᠨᠢ ᠰᠦᠯᠵᠢᠶ᠎ᠡ ᠬᠤᠯᠪᠤᠭ᠎ᠠ ᠪᠠᠷ ᠲᠠᠮᠵᠢᠭᠳᠠᠬᠤ ᠳᠤ ᠰᠠᠶᠢᠨ ᠰᠡᠳᠬᠢᠯ ᠲᠠᠢ ᠬᠦᠮᠦᠰ ᠭᠠᠷ ᠬᠤᠯᠪᠤᠯᠴᠠᠨ ᠲᠤᠰᠠᠯᠠᠵᠤ ᠪᠠᠶᠢᠭ᠎ᠠ ᠨᠡᠶᠢᠳᠡᠯᠢᠭ ᠦᠢᠯᠡ ᠶᠠᠪᠤᠳᠠᠯ ᠭᠠᠵᠠᠷ ᠪᠦᠬᠦᠨ ᠠᠴᠠ ᠲᠤᠭᠤᠯᠳᠠᠵᠤ᠂ ᠰᠤᠨᠤᠰᠤᠭᠰᠠᠨ ᠪᠦᠬᠦᠨ ᠤ ᠰᠡᠳᠬᠢᠯ ᠢ ᠲᠤᠭᠳᠤᠯᠤᠭᠤᠯᠪᠠ᠃     ︽ᠲᠠᠯᠠᠢ ᠳᠤ ᠲᠤᠰᠤᠯ ᠨᠡᠮᠡᠷᠢ︾ ᠬᠡᠳᠡᠭᠴᠢᠯᠠᠨ ᠤᠷᠴᠢᠮᠬᠠᠨ ᠬᠤᠭᠤᠯᠠᠲᠤ ᠶᠢᠨ ᠭᠤᠤᠯ ᠪᠠᠯᠭᠠᠰᠤᠨ ᠤ ᠤᠷᠲᠤ  ᠶᠢᠨ ᠭᠤᠤᠯ ᠭᠠᠴᠠᠭᠠᠨ ᠤ ᠨᠠᠮ ᠤᠨ ᠬᠡᠰᠢᠬᠦᠳ ᠪᠤᠯᠤᠨ ᠬᠠᠮᠳᠤ ᠶᠢᠨ ᠠᠵᠤ ᠠᠬᠤᠢ ᠶᠢᠨ ᠬᠤᠪᠢᠴᠠᠭᠠᠲᠤ ᠬᠤᠷᠰᠢᠶᠠᠵᠢᠯ᠂ ᠮᠠᠯᠴᠢᠳ ᠤᠨ ᠰᠠᠶᠢᠨ ᠲᠤᠷᠠᠴᠤᠤᠯ ᠬᠠᠮᠳᠤᠷᠠᠨ᠂ ᠬᠦᠨᠳᠦ ᠡᠪᠡᠳᠴᠢᠨ ᠳᠤ ᠨᠡᠷᠪᠡᠭᠳᠡᠭᠰᠡᠨ ᠤᠳᠠᠮᠪᠠᠷᠠ ᠳᠤ ᠬᠠᠯᠠᠭᠤᠨ ᠭᠠᠷ ᠢᠶᠠᠨ ᠰᠤᠩᠭᠠᠵᠤ᠂ 1 ᠲᠦᠮᠡᠨ ᠲᠦᠬᠦᠷᠢᠭ ᠤᠨ ᠬᠠᠨᠳᠢᠪ ᠡᠷᠬᠦᠵᠦ᠂ ᠨᠡᠶᠢᠭᠡᠮ  ᠨᠡᠶᠢᠲᠡ ᠶᠢᠨ ᠬᠠᠶᠢᠷ᠎ᠠ ᠬᠠᠯᠠᠮᠵᠢ ᠶᠢ ᠬᠦᠷᠬᠡᠵᠦ᠂ ᠡᠷᠳᠡ ᠨᠢᠭᠡᠨ ᠡᠲᠦᠷ ᠡᠷᠡᠬᠦᠯᠵᠢᠬᠦ ᠶᠢ ᠨᠢ ᠬᠦᠰᠡᠨ ᠵᠦᠩᠨᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号