ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/18
     ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ      ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ  ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ      ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ  ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ
      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃      ᠯᠢ ᠴᠢᠶᠠᠩ᠂ ᠵᠢᠯ ᠡᠬᠢᠯᠡᠭᠰᠡᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠰᠠᠶᠢᠵᠢᠷᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠠᠢ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠯᠤᠭ᠎ᠠ ᠦᠨᠡᠨ ᠬᠦ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠬᠦᠴᠦᠯᠡᠨ ᠴᠢᠷᠮᠠᠶᠢᠵᠤ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠤᠨᠢᠨ ᠳᠡᠭᠡᠷ᠎ᠡ ᠨᠢ ᠡᠷᠴᠢᠮᠲᠡᠢ ᠬᠡᠷᠡᠭᠵᠢᠭᠦᠯᠵᠦ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ᠂ ᠳᠣᠲᠣᠭᠠᠳᠤ ᠬᠥᠳᠡᠯᠭᠡᠬᠦ ᠬᠦᠴᠦᠨ ᠤ ᠦᠷᠭᠦᠯᠵᠢᠯᠡᠨ ᠴᠢᠩᠭᠠᠷᠠᠬᠤ᠂ ᠨᠡᠶᠢᠭᠡᠮ ᠤᠨ ᠵᠢᠱᠢᠯᠲᠡ ᠶᠢᠨ ᠦᠷᠭᠦᠯᠵᠢᠯᠡᠨ ᠰᠠᠶᠢᠵᠢᠷᠠᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠦᠨᠳᠦᠰᠦ ᠪᠠᠨ ᠪᠠᠲᠤᠳᠬᠠᠵᠤ  ᠰᠠᠭᠤᠷᠢ ᠪᠠᠨ ᠪᠠᠬᠢᠵᠢᠭᠦᠯᠬᠦ ᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠦᠷᠭᠡᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 16 ᠤ ᠡᠳᠦᠷ ᠪᠡᠭᠡᠵᠢᠩ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠪᠠ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ︶      ᠯᠢ ᠴᠢᠶᠠᠩ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢ ᠥᠷᠭᠡᠳᠬᠡᠬᠦ᠂ ᠪᠡᠯᠡ ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠥᠷᠭᠡᠨ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠲᠠᠶᠢᠴᠢᠯᠠᠵᠤ᠂ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠠ ᠨᠥᠭᠡᠴᠡᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠦᠢᠯᠡᠳᠬᠡᠯ ᠤᠨ ᠦᠢᠯᠡᠰ ᠢ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠳᠤ ᠬᠦᠴᠦᠯᠡᠵᠦ᠂ ᠰᠢᠨ᠎ᠡ ᠡᠭᠡᠯᠵᠢ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠰᠢᠭᠯᠠᠬᠤ ᠬᠡᠷᠡᠭᠲᠡᠢ᠃ ᠣᠷᠣᠨ ᠪᠦᠰᠡ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠂ ᠬᠦᠴᠦᠲᠡᠢ᠂ ᠳᠢᠭᠯᠢᠮ ᠲᠠᠢ᠂ ᠪᠦᠲᠦᠮᠵᠢᠲᠡᠢ ᠪᠠᠷ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠣᠳᠠᠲᠠᠢ ᠠᠷᠢᠯᠭᠠᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠳᠤ ᠬᠦᠴᠦᠯᠡᠵᠦ᠂ ᠬᠦᠴᠢᠷᠳᠡᠯᠲᠡᠢ ᠤᠯᠠᠨ ᠲᠦᠮᠡᠨ ᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠳᠠᠭᠠᠭᠠᠨ ᠪᠠᠲᠤᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠠᠷᠭ᠎ᠠ ᠪᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠭᠠᠮᠰᠢᠭ ᠤᠨ ᠳᠠᠷᠠᠭᠠᠬᠢ ᠰᠡᠷᠭᠦᠭᠡᠯᠲᠡ ᠶᠢ ᠦᠨᠡᠨ ᠬᠦ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠴᠢᠶᠠᠩ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠳ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠤ ᠪᠠᠨ ᠪᠤᠳᠤᠵᠤ᠂ ᠠᠵᠢᠯ ᠤᠨ ᠭᠠᠷᠳᠠᠴᠠ ᠶᠢ ᠣᠨᠣᠪᠴᠢᠲᠠᠢ ᠣᠯᠵᠤ᠂ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠬᠢᠵᠦ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠶᠢᠨ ᠲᠣᠭᠤᠷᠢᠨ ᠳᠤ ᠬᠦᠴᠦ ᠪᠠᠨ ᠬᠠᠮᠲᠤᠳᠬᠠᠨ ᠰᠢᠪᠲᠤᠯᠵᠤ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ᠃ ᠬᠡᠪᠰᠢᠮᠡᠯ ᠰᠡᠳᠬᠢᠬᠦᠢ ᠪᠠᠨ ᠲᠠᠶᠠᠭᠳᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠢᠯ ᠤᠨ ᠴᠤᠪᠤᠷᠠᠯ ᠪᠣᠯᠣᠨ ᠠᠬᠢᠭᠤᠯᠬᠤ ᠠᠷᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠢᠨᠠᠨ ᠬᠠᠮᠢᠶᠠᠷᠬᠤ ᠪᠠ ᠦᠢᠯᠡᠴᠢᠯᠡᠬᠦ᠂ ᠠᠮᠤᠷ ᠲᠦᠪᠰᠢᠨ ᠢ ᠪᠠᠲᠤᠯᠠᠬᠤ ᠪᠠ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠬᠥᠭᠵᠢᠯᠲᠡ ᠶᠢᠨ ᠲᠥᠯᠥᠭᠡ ᠢᠯᠡᠭᠦᠬᠡᠨ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠢᠯᠡᠭᠦᠬᠡᠨ ᠬᠦᠴᠦᠨ ᠴᠢᠳᠠᠯ ᠢᠶᠠᠨ ᠡᠷᠭᠦᠵᠦ᠂ ᠪᠦᠬᠦ ᠨᠡᠶᠢᠭᠡᠮ ᠳᠤ ᠠᠵᠢᠯ ᠬᠢᠵᠦ ᠦᠢᠯᠡᠰ ᠪᠣᠰᠬᠠᠬᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠥᠳᠬᠡᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ ᠡᠯ᠎ᠡ ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠸᠢᠳᠢᠣ᠋ ᠪᠠᠷ ᠲᠤᠬᠠᠢ ᠶᠢᠨ ᠭᠠᠵᠠᠷ ᠲᠤ ᠪᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号