ᠭᠠᠷ ᠤᠨ ᠣᠷ᠎ᠠ ᠪᠠᠷ ᠠᠮᠢᠳᠣᠷᠠᠯ ᠢᠶᠠᠨ ᠦᠭᠡᠳᠡᠯᠡᠬᠦᠯᠵᠦ ᠶᠠᠪᠣᠨ᠎ᠠ
ᠨᠡᠶᠢᠲᠡᠯᠡᠭᠰᠡᠨ ᠴᠠᠭ᠄
2023/8/2
                ᠭᠠᠷ ᠤᠨ ᠣᠷ᠎ᠠ ᠪᠠᠷ ᠠᠮᠢᠳᠣᠷᠠᠯ ᠢᠶᠠᠨ ᠦᠭᠡᠳᠡᠯᠡᠬᠦᠯᠵᠦ ᠶᠠᠪᠣᠨ᠎ᠠ                  ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠣᠨᠴᠠᠯᠢᠭᠳᠦ ᠵᠡᠭᠡᠯᠢ ᠶᠢᠨ ᠬᠦᠯ ᠬᠦᠭᠵᠢᠶᠡᠨ ᠲᠣᠮᠳᠠ ᠮᠠᠯᠴᠢᠨ ᠱᠠᠭᠳᠠᠷ ᠤᠨ ᠨᠢᠭᠡ ᠡᠳᠦᠷ  ᠶᠠᠭᠠᠷᠠᠯᠳᠠᠶᠢᠬᠠᠨ ᠡᠬᠢᠯᠡᠳᠡᠭ᠂ ᠦᠷᠦᠬᠡ ᠲᠦᠭᠦᠷᠡᠩ ᠣᠯᠠᠨ ᠶᠠᠩᠵᠣ ᠶᠢᠨ ᠰᠣᠷ ᠡᠳ᠋ᠯᠡᠭᠡ᠂ ᠮᠣᠳᠣᠨ ᠰᠡᠶᠢᠯᠦᠮᠡᠯ ᠤᠳ ᠡᠨᠡ ᠥᠷᠦᠭᠡᠨ ᠳᠤ ᠨᠢᠭᠡ ᠨᠢᠭᠡ ᠪᠠᠷ ᠢᠶᠠᠨ ᠣᠨᠴᠠᠯᠢᠭᠳᠠᠢ ᠰᠠᠶᠢᠬᠠᠨ ᠬᠠᠷᠠᠭᠳᠠᠨ᠎ᠠ᠃
    ᠮᠠᠯᠴᠢᠨ ᠬᠦᠮᠦᠰ ᠮᠠᠯ ᠤᠨ ᠢᠶᠠᠨ ᠠᠰᠢᠭ ᠰᠢᠮ᠎ᠡ ᠶᠢ ᠰᠦ ᠮᠢᠬ᠎ᠠ ᠠᠴᠠ ᠨᠢ ᠡᠬᠢᠯᠡᠨ ᠠᠮᠢᠳᠣᠷᠠᠯ ᠤᠨ ᠢᠶᠠᠨ ᠴᠢᠬᠤᠯᠠ ᠵᠦᠢᠯ ᠪᠣᠯᠭᠠᠨ ᠡᠳ᠋ᠯᠡᠵᠦ ᠶᠠᠪᠣᠬᠤ ᠳᠠᠭᠠᠨ ᠠᠮᠢᠳᠣᠷᠠᠯ ᠠᠬᠤᠢ᠂ ᠠᠶᠠᠨ ᠨᠡᠭᠦᠳᠡᠯ ᠳᠤ ᠵᠣᠬᠢᠴᠠᠭᠤᠯᠣᠨ᠂ ᠮᠠᠯ ᠣᠨᠣᠭᠠᠨ ᠤ  ᠪᠠᠨ ᠠᠷᠠᠰᠣ ᠰᠢᠷᠢ ᠨᠣᠣᠰᠣ ᠨᠣᠯᠣᠣᠷ ᠲᠤ ᠬᠦᠷᠳᠡᠯ᠎ᠡ ᠥᠪᠡᠷ ᠤᠨ ᠠᠷᠭ᠎ᠠ ᠪᠠᠷ ᠡᠳ᠋ᠰᠢᠬᠦᠯᠦᠨ  ᠣᠷᠠᠨ ᠠᠰᠢᠭᠯᠠᠵᠣ᠂ ᠡᠬᠦᠨ  ᠢ ᠪᠠᠨ ᠨᠡᠭᠦᠳᠡᠯ ᠰᠣᠶᠣᠯ ᠢᠷᠭᠡᠨᠰᠢᠯ ᠤᠨ ᠢᠶᠠᠨ ᠨᠢᠭᠡᠨ ᠴᠢᠬᠤᠯᠠ ᠬᠡᠰᠡᠭ ᠪᠣᠯᠭᠠᠭᠰᠠᠭᠠᠷ ᠢᠷᠡᠵᠡᠢ᠃
 ᠱᠠᠭᠳᠠᠷ ᠤᠨ ᠬᠢ ᠪᠠᠶᠠᠨᠬᠤᠰᠢᠭᠤ ᠰᠣᠮᠣᠨ ᠤ ᠬᠠᠷᠠᠭᠠᠳᠣ ᠭᠠᠴᠠᠭᠠᠨ ᠳᠤ ᠮᠠᠯᠵᠢᠬᠤ ᠠᠮᠢᠳᠣᠷᠠᠯ ᠢᠶᠠᠨ ᠡᠷᠬᠢᠯᠡᠳᠡᠭ ᠪᠠᠶᠢᠵᠦ ᠂ ᠠᠬᠠᠮᠠᠳ ᠠᠴᠠ ᠪᠠᠨ ᠰᠣᠷᠴᠦ ᠦᠪᠯᠡᠭᠰᠡᠨ ᠡᠮᠡᠭᠡᠯ ᠬᠠᠵᠠᠭᠠᠷ᠂ ᠨᠣᠭᠳᠣ ᠰᠣᠷ᠂ ᠴᠢᠨᠠᠭᠰᠢᠯᠠᠨ ᠮᠣᠳᠣᠨ ᠰᠡᠶᠢᠯᠦᠮᠡᠯ ᠬᠢᠬᠦ ᠵᠡᠷᠭᠡ ᠳᠤ ᠬᠦᠮᠦᠨ ᠤ ᠭᠠᠷ ᠬᠠᠷᠠᠳᠠᠭ ᠦᠭᠡᠢ ᠪᠠᠶᠢᠵᠣ᠂ ᠠᠮᠢᠳᠣᠷᠠᠯ ᠳᠤ ᠪᠠᠨ ᠪᠠᠶᠢᠩᠭᠤ ᠶᠢᠨ ᠠᠵᠢᠯ ᠪᠣᠯᠭᠠᠨ ᠬᠢᠵᠦ ᠢᠷᠡᠭᠰᠡᠨ ᠪᠠᠶᠢᠨ᠎ᠠ᠃ 2000 ᠣᠨ ᠤ ᠡᠬᠢ ᠪᠠᠷ ᠬᠤᠰᠢᠭᠤᠨ ᠲᠦᠪ ᠳᠤ ᠢᠷᠡᠵᠦ ᠰᠠᠭᠤᠷᠢᠰᠢᠬᠤ ᠳᠤ ᠪᠠᠨ ᠡᠭᠦᠨ ᠢ ᠪᠠᠨ ᠠᠰᠢᠭ ᠣᠷᠣᠯᠭ᠎ᠠ ᠣᠯᠬᠤ ᠠᠵᠢᠯ ᠮᠡᠷᠭᠡᠵᠢᠯ ᠢᠶᠠᠨ ᠪᠣᠯᠭᠠᠨ᠂ ᠨᠣᠳᠤᠭ ᠣᠷᠣᠨ ᠤ ᠣᠨᠴᠠᠯᠢᠭ ᠲᠠᠢ ᠪᠦᠳᠦᠭᠡᠭᠳᠡᠬᠦᠨ᠂ ᠠᠳᠣᠭᠤᠨ ᠰᠣᠶᠣᠯ ᠤᠨ ᠬᠦᠭᠵᠢᠯᠲᠡ ᠲᠠᠢ ᠵᠣᠬᠢᠴᠠᠭᠰᠠᠨ ᠵᠠᠬ᠎ᠠ ᠵᠡᠭᠡᠯᠢ ᠶᠢᠨ ᠵᠢᠵᠢᠭᠬᠡᠨ ᠴᠦ ᠬᠡᠰᠡᠨ ᠬᠦᠭᠵᠢᠶᠡᠨ ᠲᠠᠢ ᠬᠤᠳᠠᠯᠳᠣᠭᠠᠨ ᠤ ᠨᠢᠭᠡ ᠪᠣᠯᠣᠭᠰᠠᠭᠠᠷ ᠢᠷᠡᠵᠡᠢ᠃   ᠮᠠᠯᠴᠢᠨ ᠱᠠᠭᠳᠠᠷ ᠤᠨ  ᠦᠵᠦᠮᠦᠴᠢᠨ ᠡᠮᠡᠭᠡᠯ ᠬᠢᠬᠦ ᠣᠷ᠎ᠠ ᠲᠡᠮ ᠨᠢ ᠪᠣᠰᠣᠳ ᠠᠴᠠ ᠲᠣᠪᠣᠶᠢᠮ᠎ᠠ ᠪᠠᠶᠢᠳᠠᠭ ᠢᠶᠠᠷ ᠢᠶᠠᠨ ᠵᠢᠯ ᠳᠡᠭᠡᠨ ᠵᠠᠬᠢᠶᠠᠯᠠᠭ᠎ᠠ ᠣᠯᠠᠨ ᠪᠠᠶᠢᠳᠠᠭ ᠪᠦᠭᠡᠳ ᠲᠡᠷᠡᠪᠡᠷ ᠮᠥᠨ ᠡᠨᠡ ᠲᠠᠪᠠᠭᠤᠯᠢᠭ ᠢᠶᠠᠷ ᠢᠶᠠᠨ2021 ᠣᠨ ᠳᠤ ᠬᠤᠰᠢᠭᠤ ᠲᠡᠰ ᠤᠨ ᠪᠣᠳᠠᠰ ᠤᠨ ᠪᠣᠰᠣ ᠰᠣᠶᠣᠯ ᠤᠨ ᠦᠪ ᠤᠨ ᠦᠵᠦᠮᠦᠴᠢᠨ ᠡᠮᠡᠭᠡᠯ ᠬᠢᠬᠦ ᠣᠷ᠎ᠠ ᠮᠡᠷᠭᠡᠵᠢᠯ ᠤᠨ ᠲᠦᠷᠦᠯ ᠵᠦᠢᠯ ᠤᠨ ᠲᠦᠯᠦᠭᠡᠯᠡᠭᠴᠢ ᠴᠢᠨᠠᠷᠳᠠᠢ ᠣᠯᠠᠮᠵᠢᠯᠠᠭᠴᠢ ᠪᠠᠷ ᠰᠣᠩᠭᠤᠭᠳᠠᠵᠣ᠂ ᠣᠷᠣᠨ  ᠂ ᠠᠶᠢᠮᠠᠭ ᠤᠨ ᠪᠣᠳᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠯᠲᠠ ᠶᠢᠨ ᠦᠷ᠎ᠡ ᠪᠦᠳᠦᠭᠡᠯ ᠤᠨ ᠲᠡᠯᠭᠡᠨ  ᠦᠵᠡᠬᠦᠯᠦᠯᠭᠡ ᠵᠡᠷᠭᠡ ᠳᠤ ᠦᠵᠦᠮᠦᠴᠢᠨ ᠨᠣᠳᠤᠭ ᠤᠨ ᠣᠨᠴᠠᠯᠢᠭᠲᠠᠢ ᠰᠠᠶᠢᠬᠠᠨ ᠪᠦᠳᠦᠭᠡᠯ ᠢᠶᠠᠷ ᠢᠶᠠᠨ ᠣᠷᠣᠯᠴᠠᠵᠣ ᠢᠷᠡᠵᠡᠢ᠃    ᠥᠪᠡᠷ ᠤᠨ ᠬᠢᠵᠦ ᠴᠢᠳᠠᠬᠤ ᠵᠦᠢᠯ ᠢᠶᠠᠷ ᠢᠶᠠᠨ ᠵᠠᠬ᠎ᠠ ᠵᠡᠬᠡᠯᠢ ᠳᠤ ᠥᠪᠡᠷ ᠤᠨ ᠬᠡᠰᠡᠨ ᠠᠵᠢᠯ ᠦᠢᠯᠡᠰ ᠢ ᠪᠣᠰᠬᠠᠵᠣ᠂  ᠵᠢᠯ ᠳᠡᠭᠡᠨ ᠲᠣᠯᠤᠭ᠎ᠠ ᠠᠴᠠ ᠨᠠᠢᠮᠠᠨ ᠲᠦᠮᠡᠨ ᠲᠦᠭᠦᠷᠢᠭ ᠤᠨ ᠴᠡᠪᠡᠷ ᠣᠷᠣᠯᠭ᠎ᠠ ᠡᠭᠦᠳᠴᠦ᠂ ᠮᠥᠨ ᠡᠨᠡᠬᠦ ᠣᠷ᠎ᠠ ᠮᠡᠷᠭᠡᠵᠢᠯ  ᠢᠶᠠᠨ ᠦᠪᠯᠡᠵᠦ ᠣᠯᠠᠮᠵᠢᠯᠠᠬᠤ ᠠᠵᠢᠯ ᠡᠭᠦᠷᠬᠡ ᠪᠠᠨ ᠴᠢᠷᠮᠠᠶᠢᠨ ᠪᠡᠶᠡᠯᠡᠬᠦᠯᠵᠦ ᠶᠠᠪᠣᠨ᠎ᠠ᠃          
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号