ᠪᠦᠬᠦ ᠬᠤᠰᠢᠭᠤᠨ ᠤ ᠤᠯᠠᠮᠵᠢᠯᠠᠯᠲᠤ ᠳᠠᠯᠠᠩ ᠲᠠᠢ ᠠᠷᠭᠠᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/8/2
  ᠪᠦᠬᠦ ᠬᠤᠰᠢᠭᠤᠨ ᠤ ᠤᠯᠠᠮᠵᠢᠯᠠᠯᠲᠤ ᠳᠠᠯᠠᠩ ᠲᠠᠢ ᠠᠷᠭᠠᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠤᠯᠠᠯ ᠶᠠᠪᠤᠭᠳᠠᠪᠠ                                                              7 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ︽ᠦᠵᠡᠰᠭᠦᠯᠡᠩᠲᠦ ᠰᠠᠶᠢᠬᠠᠨ ᠭᠡᠷ ᠣᠷᠤᠨ ᠡᠶ᠎ᠡ ᠵᠣᠬᠢᠴᠠᠯᠲᠤ ᠬᠦᠳᠡᠭᠡ ᠳᠣᠰᠬᠤᠨ︾ ᠢ ᠪᠦᠲᠦᠭᠡᠨ ᠪᠠᠶᠢᠭᠤᠯᠬᠤ ᠰᠢᠷᠢᠰ ᠠᠵᠢᠯᠯᠠᠭ᠎ᠠ ᠶᠢᠨ ᠨᠢᠭᠡ ᠪᠤᠯᠬᠤ ᠪᠦᠬᠦ ᠬᠤᠰᠢᠭᠤᠨ ᠤ ᠤᠯᠠᠮᠵᠢᠯᠠᠯᠲᠤ ᠳᠠᠯᠠᠩ ᠲᠠᠢ ᠠᠷᠭᠠᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠤᠯᠠᠯ ᠶᠠᠪᠤᠭᠳᠠᠪᠠ᠃
   ᠲᠤᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠡᠮᠩᠲᠡᠶᠢᠴᠦᠳ ᠤᠨ ᠬᠤᠯᠪᠤᠭᠠᠲᠤ ᠬᠤᠷᠠᠯ ᠪᠤᠯᠤᠨ ᠬᠤᠰᠢᠭᠤ ᠬᠦᠳᠡᠭᠡ ᠳᠣᠰᠬᠤᠨ ᠢ ᠬᠦᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠵᠢᠷ ᠤᠨ ᠭᠤᠤᠯ ᠪᠠᠯᠭᠠᠰᠤᠨ ᠤ ᠪᠠᠶᠠᠨᠴᠡᠩᠭᠡᠯ ᠭᠠᠴᠠᠭᠠᠨ ᠤ ᠮᠠᠯᠴᠢᠨ ᠰᠤᠶᠤᠯᠴᠡᠴᠡᠭ ᠤᠨ ︽ᠤᠷ᠎ᠠ ᠰᠤᠶᠤᠯ︾ ᠪᠦᠯᠬᠦᠮ ᠬᠠᠮᠲᠤᠷᠠᠨ ᠵᠤᠬᠢᠶᠠᠨ ᠪᠠᠶᠢᠭᠤᠯᠵᠤ᠂ ᠦᠷᠭᠡᠨ ᠤᠯᠠᠨ ᠮᠠᠯᠴᠢᠨ ᠡᠮᠡᠭᠲᠡᠶᠢᠴᠦᠳ ᠢ ᠲᠠᠶᠢᠴᠢᠯᠠᠨ᠂ ︽ᠦᠵᠡᠰᠭᠦᠯᠡᠩᠲᠦ ᠰᠠᠶᠢᠬᠠᠨ ᠬᠦᠳᠡᠭᠡ ᠳᠣᠰᠬᠤᠨ︾ ᠢ ᠪᠦᠲᠦᠭᠡᠨ ᠪᠠᠶᠢᠭᠤᠯᠬᠤ ᠳᠤ ᠢᠳᠡᠪᠬᠢᠲᠠᠢ ᠤᠷᠤᠯᠴᠠᠵᠦ᠂ ᠳᠠᠯᠠᠩ ᠲᠠᠢ ᠠᠷᠭᠠᠯ ᠬᠤᠷᠢᠶᠠᠬᠤ ᠤᠷ᠎ᠠ ᠮᠡᠷᠭᠡᠵᠢᠯ ᠢᠶᠠᠨ ᠪᠠᠳᠠᠷᠠᠭᠤᠯᠣᠨ᠂ ᠠᠮᠢ ᠠᠬᠤᠢ ᠪᠤᠯᠪᠠᠰᠤᠨ ᠤ ᠠᠮᠢᠳᠤᠷᠠᠯ  ᠤᠨ ᠠᠷᠭ᠎ᠠ ᠮᠠᠶ᠋ᠢᠭ ᠢ ᠰᠤᠷᠲᠠᠯᠴᠢᠯᠠᠵᠤ᠂ ᠬᠦᠳᠡᠭᠡ ᠳᠣᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ  ᠵᠤᠷᠢᠯᠭ᠎ᠠ ᠠᠴᠠ ᠡᠷᠬᠢᠯᠡᠨ ᠶᠠᠪᠤᠭᠳᠠᠭᠤᠯᠤᠭᠰᠠᠨ ᠪᠠᠶᠢᠭ᠎ᠠ ᠶᠤᠮ᠃
  ᠤᠷᠤᠯᠳᠤᠭᠠᠨ ᠳᠤ ᠣᠷᠣᠯᠴᠠᠭᠰᠠᠳ ᠤᠨ ᠠᠷᠭᠠᠯ ᠲᠡᠭᠦᠵᠦ ᠬᠤᠷᠢᠶᠠᠭᠰᠠᠨ ᠢᠶᠠᠷ ᠨᠢ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3 ᠨᠡᠷ᠎ᠡ᠂ ᠰᠢᠯᠢᠳᠡᠭ ᠳᠡᠰ ᠲᠤ 10 ᠨᠡᠷ᠎ᠡ᠂ ᠠᠵᠢᠯᠴᠢ ᠪᠦᠰᠡᠭᠦᠢ 22 ᠨᠡᠷ᠎ᠡ ᠵᠢᠴᠢ ᠰᠢᠯᠢᠳᠡᠭ ᠳᠠᠭᠠᠭᠤᠯᠤᠭᠴᠢ᠂ ᠲᠡᠷᠢᠭᠦᠨ ᠤ ᠬᠠᠮᠲᠤ ᠨᠢᠭᠡᠴᠡ᠂ ᠰᠢᠯᠢᠳᠡᠭ ᠬᠠᠮᠲᠤ ᠨᠢᠭᠡᠴᠡ ᠲᠤᠰ ᠪᠦᠷᠢ 1 ᠨᠡᠷ᠎ᠡ ᠰᠢᠯᠭᠠᠷᠠᠭᠤᠯᠤᠨ ᠱᠠᠩᠨᠠᠭᠰᠠᠨ ᠪᠠᠶᠢᠨ᠎ᠠ᠃
   ᠲᠤᠰ ᠤᠳᠠᠭᠠᠨ ᠤ ᠤᠷᠤᠯᠳᠤᠭᠠᠨ ᠨᠢ ᠡᠮᠡᠭᠲᠡᠶᠢᠴᠦᠳ ᠤᠨ ᠦᠢᠯᠡᠳᠪᠦᠷᠢᠯᠡᠯ ᠠᠮᠢᠳᠤᠷᠠᠯ ᠳᠤ ᠣᠷᠣᠯᠴᠠᠬᠤ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠠᠵᠢᠯᠴᠢ ᠬᠢᠴᠢᠶᠡᠩᠭᠦᠢ ᠪᠠᠷ ᠦᠢᠯᠡᠰ ᠢᠶᠠᠨ ᠳᠡᠭᠡᠳᠦᠯᠡᠵᠦ᠂ ᠠᠮᠢ ᠠᠬᠤᠢ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠳᠤᠯᠠᠬᠤ ᠳᠤ  ᠬᠦᠴᠦᠨ ᠨᠡᠮᠡᠷᠢᠯᠡᠵᠦ᠂ ᠡᠮᠡᠭᠲᠡᠶᠢᠴᠦᠳ ᠤᠨ ᠠᠮᠢᠵᠢᠷᠠᠯ ᠤᠨ ᠬᠦᠴᠦᠨ ᠪᠠ ᠡᠭᠦᠳᠦᠨ ᠪᠦᠲᠦᠭᠡᠬᠦ ᠳᠠᠯᠳᠠ ᠬᠦᠴᠦᠨ ᠢ ᠳᠠᠶᠢᠴᠢᠯᠠᠵᠦ ᠴᠢᠳᠠᠭᠰᠠᠨ ᠪᠠᠶᠢᠨ᠎ᠠ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号