ᠪᠠᠷᠠᠭᠤᠨ ᠦᠵᠦᠮᠦᠴᠢᠨ ᠬᠤᠰᠢᠭᠤ ᠵᠡᠮᠳᠡᠭᠴᠦᠳ ᠤᠨ ᠬᠡᠷ ᠪᠦᠯᠢ ᠳᠤ ᠳᠦᠭᠦᠮ ᠦᠵᠡᠭᠦᠯᠬᠦ ᠲᠥᠷᠦᠯ ᠵᠦᠢᠯ ᠤᠨ ᠠᠵᠢᠯ ᠢ | ᠢᠳᠡᠪᠬᠢᠲᠡᠶ ᠠᠬᠢᠭᠤᠯᠵᠤ ᠪᠤᠢ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠳᠦᠭᠦᠮ ᠦᠵᠡᠭᠦᠯᠬᠦ ᠲᠥᠷᠦᠯ ᠵᠦᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠵᠡᠮᠳᠡᠭᠴᠦᠳ ᠤᠨ ᠬᠡᠷ ᠪᠦᠯᠢ ᠳᠤ ᠳᠦᠭᠦᠮ ᠦᠵᠡᠭᠦᠯᠬᠦ ᠲᠥᠷᠦᠯ ᠵᠦᠢᠯ ᠤᠨ ᠠᠵᠢᠯ ᠢ | ᠢᠳᠡᠪᠬᠢᠲᠡᠶ ᠳᠥᠯᠭᠢᠨ ᠠᠬᠢᠭᠤᠯᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠵᠦ᠂ | ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠪᠠᠯᠭᠠᠷᠭᠤᠤᠯ ᠪᠠᠯᠭᠠᠰᠤᠨ ᠳᠤ ᠰᠠᠭᠤᠵᠤ ᠪᠠᠶᠢᠭ᠎ᠠ 76 ᠨᠠᠰᠤᠲᠠᠢ ᠪᠣᠶ᠋ᠬᠠᠥ᠋ᠯᠵᠡᠢ ᠨᠠᠰᠤᠳᠠᠨ ᠬᠦᠷᠲᠦᠲᠦ ᠰᠠᠨᠳᠠᠯᠢ ᠳᠤ | ᠰᠠᠭᠤᠳᠠᠭ ᠪᠤᠯᠬᠤᠷ ᠭᠡᠷ ᠠᠴᠠ ᠪᠠᠨ ᠭᠠᠷᠴᠦ ᠤᠷᠤᠬᠤ᠂ ᠪᠡᠶ᠎ᠡ ᠪᠠᠨ ᠤᠬᠢᠶᠠᠬᠤ ᠪᠠ ᠵᠤᠷᠯᠤᠩ ᠳᠤ ᠤᠷᠤᠬᠤ ᠳᠤ ᠲᠤᠩ | ᠲᠦᠬᠦᠮ ᠦᠭᠡᠢ ᠪᠠᠶᠢᠳᠠᠭ ᠠᠴᠠ ᠬᠤᠰᠢᠭᠤ ᠵᠡᠮᠳᠡᠭᠴᠤᠳ ᠤᠨ ᠬᠤᠯᠪᠤᠭ᠎ᠠ ᠨᠢ ᠨᠠᠰᠤᠳᠠᠨ ᠳᠤ ᠬᠦᠷᠲᠦᠲᠦ ᠰᠠᠨᠳᠠᠯᠢ | ᠲᠣᠬᠢᠷᠠᠭᠤᠯᠤᠨ ᠦᠭᠴᠦ᠂ ᠲᠡᠭᠦᠨ ᠤ ᠰᠠᠭᠤᠭ᠎ᠠ ᠠᠰᠠᠷ ᠤᠨ ᠭᠤᠳᠤᠮᠵᠢᠨ ᠳᠤ ᠰᠠᠭᠠᠳ ᠥᠬᠡᠶ ᠶᠠᠪᠤᠬᠤ ᠨᠠᠯᠠᠤ ᠵᠠᠮ | ᠲᠡᠪᠢᠰᠴᠦ ᠂ ᠬᠡᠷ ᠳᠣᠲᠣᠷ᠎ᠠ ᠨᠢ ᠴᠦ ᠨᠡᠶᠢᠳᠡᠮ ᠲᠦᠰᠢᠭᠦᠷ ᠲᠠᠭᠠᠷᠠᠭᠤᠯᠵᠤ᠂ ᠤᠬᠢᠶᠠᠯᠭ᠎ᠠ ᠶᠢᠨ ᠳᠠᠰᠤᠭ ᠲᠤ ᠨᠢ | ᠰᠠᠨᠳᠠᠯᠢ᠂ ᠬᠡᠷᠡᠰᠬᠡ ᠪᠠ ᠲᠦᠰᠢᠭᠦᠷ ᠤᠠᠠᠰᠠᠷᠠᠵᠦ ᠥᠭᠭᠦᠭᠰᠡᠨ ᠪᠠᠶᠢᠨ᠎ᠠ᠃ | ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠷᠠᠭᠤᠨ ᠦᠵᠦᠮᠦᠴᠢᠨ ᠬᠤᠰᠢᠭᠤ ᠵᠡᠮᠳᠡᠭᠴᠦᠳ ᠤᠨ ᠭᠡᠷ ᠪᠦᠯᠢ ᠶᠢᠨ | ᠪᠣᠳᠠᠲᠤ ᠬᠡᠷᠡᠭᠴᠡᠭᠡ ᠶᠢ ᠦᠨᠳᠦᠰᠦᠯᠡᠵᠦ᠂ ᠨᠠᠯᠠᠤ ᠵᠠᠮ ᠢ ᠥᠭᠡᠷᠡᠴᠢᠯᠡᠬᠦ ᠂ ᠠᠶᠠᠭᠠᠨ ᠬᠤᠷᠭᠤ ᠶᠢᠨ ᠥᠨᠳᠥᠷ ᠤᠨ | ᠬᠡᠮᠵᠢᠶ᠎ᠡ ᠶᠢ ᠪᠠᠭᠤᠷᠠᠭᠤᠯᠬᠤ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠴᠦ ᠂ ᠤᠬᠢᠶᠠᠯᠭ᠎ᠠ ᠶᠢᠨ ᠰᠠᠭᠤᠳᠠᠯ᠂ | ᠰᠠᠭᠤᠬᠤ ᠳᠤ ᠲᠥᠬᠦᠮ ᠰᠠᠨᠳᠠᠯᠢ᠂ ᠲᠠᠶᠠᠭ᠂ ᠠᠯᠬᠤᠬᠤ ᠳᠤ ᠲᠤᠰᠠᠯᠠᠬᠤ ᠪᠠᠭᠠᠵᠢ ᠵᠡᠷᠭᠡ ᠪᠠᠭᠠᠵᠢ ᠬᠡᠷᠡᠭᠰᠡᠯ ᠢ ᠲᠦᠭᠡᠭᠡᠨ | ᠥᠭᠴᠦ᠂ ᠨᠠᠩ ᠣᠯᠠᠨ ᠵᠡᠮᠳᠡᠭᠴᠦᠳ ᠢ ᠪᠡᠶ᠎ᠡ ᠪᠠᠨ ᠳᠠᠭᠠᠭᠠᠵᠤ᠂ ᠠᠮᠤᠷ ᠲᠦᠪᠰᠢᠨ ᠶᠠᠪᠤᠵᠤ ᠰᠠᠭᠤᠬᠤ ᠳᠤ ᠲᠥᠬᠦᠮ | ᠳᠥᠲᠡ ᠦᠢᠯᠡᠴᠢᠯᠡᠭᠡ ᠶᠢ ᠬᠠᠨᠭ᠍ᠭᠠᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ | ᠳᠠᠷᠤᠭ᠎ᠠ ᠲᠤᠷᠠᠰᠬᠠᠯᠴᠢᠮᠡᠭ᠄ ︽ ᠣᠳᠣᠬᠠᠨ ᠳᠤ ᠪᠠᠷᠠᠭᠤᠨ ᠦᠵᠦᠮᠦᠴᠢᠨ ᠬᠤᠰᠢᠭᠤᠨ ᠳᠤ 3242 ᠵᠡᠮᠳᠡᠭ ᠬᠥᠮᠦᠨ | ᠪᠤᠢ᠂ ᠡᠭᠦᠨ ᠳᠤ ᠬᠦᠴᠢᠷᠳᠡᠯᠲᠡᠶ ᠬᠦᠨᠳᠦ ᠵᠡᠮᠳᠡᠭᠴᠦᠳ 1468 ᠪᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠠᠴᠠ ᠮᠠᠨ ᠤ | ᠬᠤᠰᠢᠭᠤᠨ ᠤ ᠬᠡᠷ ᠪᠦᠯᠢ ᠳᠦᠭᠦᠮ ᠦᠵᠡᠭᠦᠯᠬᠦ ᠲᠥᠷᠦᠯ ᠵᠦᠢᠯ ᠤᠨ ᠡᠭᠦᠷᠭᠡ ᠶᠢ 202 ᠡᠷᠦᠬᠡ ᠪᠠᠭᠤᠯᠭᠠᠵᠤ᠂ ᠣᠲᠣ | ᠪᠣᠯᠲᠠᠯ᠎ᠠ 174 ᠡᠷᠦᠬᠡ ᠶᠢ ᠪᠡᠶᠡᠯᠡᠭᠦᠯᠵᠦ᠂ ᠦᠯᠡᠳᠡᠭᠰᠡᠨ 28 ᠡᠷᠦᠬᠡ ᠶᠢ 2024 ᠣᠨ ᠳᠤ ᠪᠦᠬᠦᠨ ᠢ ᠪᠡᠶᠡᠯᠡᠭᠦᠯᠦᠨ᠎ᠡ᠃ | 2023 ᠣᠨ ᠳᠤ ᠡᠮᠦᠨᠡᠬᠢ ᠬᠤᠭᠤᠴᠠᠭᠠᠨ ᠤ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠᠷ ᠳᠡᠮᠵᠢᠨ᠂ ᠬᠦᠴᠢᠷᠳᠡᠯᠲᠡᠶ | ᠬᠦᠨᠳᠦ ᠵᠡᠮᠳᠡᠭᠴᠦᠳ ᠤᠨ ᠬᠡᠷ ᠪᠦᠯᠢ ᠳᠤ ᠳᠦᠭᠦᠮ ᠦᠵᠡᠭᠦᠯᠬᠦ ᠳᠦᠭᠦᠮ ᠦᠵᠡᠭᠦᠯᠬᠦ ᠲᠥᠷᠦᠯ ᠵᠦᠢᠯ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠨᠡᠶᠢᠲᠡ 86 ᠡᠷᠦᠬᠡ ᠲᠣᠭᠲᠠᠭᠠᠵᠤ᠂ ᠥᠭᠡᠷᠡᠴᠢᠯᠡᠬᠦ ᠠᠵᠢᠯ ᠢ 7 ᠰᠠᠷ᠎ᠠ ᠶᠢᠨ 1 ᠤ | ᠡᠳᠦᠷ ᠪᠣᠯᠲᠠᠯ᠎ᠠ ᠪᠦᠬᠦᠨ ᠢ ᠪᠡᠶᠡᠯᠡᠭᠦᠯᠪᠡ᠃ ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠭᠦᠯᠦᠭᠰᠡᠨ ᠤ ᠳᠠᠷᠠᠭ᠎ᠠ᠂ | ᠵᠡᠮᠳᠡᠭᠴᠦᠳ ᠤᠨ ᠬᠤᠯᠪᠣᠭ᠎ᠠ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠬᠠᠷᠢᠭᠤ | ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢᠨ ᠪᠠᠶᠢᠳᠠᠯ ᠵᠢᠴᠢ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠪᠥᠬᠦ ᠲᠠᠯ᠎ᠠ ᠪᠠᠷ ᠣᠶᠢᠯᠠᠭᠠᠵᠤ᠂ ᠵᠡᠮᠳᠡᠭᠴᠦᠳ ᠤᠨ ᠬᠡᠷ ᠪᠦᠯᠢ ᠶᠢᠨ ᠰᠠᠶᠢᠨ ᠦᠨᠡᠯᠡᠯᠲᠡ ᠶᠢ ᠣᠯᠤᠭᠰᠠᠨ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ | ᠳᠦᠭᠦᠮ ᠦᠵᠡᠭᠦᠯᠬᠦ ᠲᠥᠷᠦᠯ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠯᠠ ᠮᠥᠩᠭᠦ ᠶᠢᠨ ᠣᠷᠣᠭᠤᠯᠤᠯᠲᠠ | ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠠᠩ ᠪᠦᠷᠢᠨ ᠲᠡᠭᠦᠯᠳᠡᠷ ᠂ ᠳᠦᠭᠦᠮ | ᠲᠥᠳᠡ ᠬᠡᠷ ᠪᠦᠯᠢ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠦᠴᠢᠷᠳᠡᠯᠲᠡᠶ ᠬᠦᠨᠳᠦ ᠵᠡᠮᠳᠡᠭᠴᠦᠳ ᠤᠨ ᠡᠷᠡᠭᠦᠯᠵᠢᠯ᠂ | ᠪᠡᠶ᠎ᠡ ᠪᠠᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠠᠮᠢᠳᠤᠷᠠᠯ ᠳᠤ ᠠᠭᠤᠰᠤᠯᠴᠠᠬᠤ ᠳᠤ ᠨᠠᠩ ᠰᠠᠶᠢᠨ | ᠨᠥᠬᠦᠴᠡᠯ ᠪᠦᠷᠢᠯᠳᠦᠭᠦᠯᠵᠦ ᠥᠭᠭᠦᠨ᠎ᠡ ︾ ᠭᠡᠯᠡ᠃ | | | | |