ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠶ᠎ᠠ | ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ | | | ᠪᠠᠲᠤᠪᠠᠶᠠᠷ ᠪᠣᠯ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠪᠤᠯᠠᠭ | ᠭᠠᠴᠠᠭᠠᠨ ᠤ ᠮᠠᠯᠴᠢᠨ ᠪᠣᠯᠣᠨ᠎ᠠ᠃ ᠲᠡᠳᠡᠨ ᠤ ᠬᠢ ᠱᠠᠷᠦ᠋ᠯᠠᠢ ᠡᠭᠦᠯᠳᠡᠷ ᠤᠨ ᠦᠬᠡᠷ ᠮᠠᠯᠵᠢᠵᠤ ᠂ ᠠᠵᠤ ᠠᠬᠤᠢ ᠶᠢᠨ | ᠦᠷ᠎ᠡ ᠠᠰᠢᠭ ᠢᠶᠠᠨ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠬᠡᠷᠡᠭᠯᠡᠬᠦ | ᠴᠢᠬᠤᠯᠠᠲᠠᠢ ᠪᠠᠶᠢᠭᠰᠠᠨ ᠴᠤ ᠭᠡᠷ ᠤᠨ ᠬᠢᠨᠢ ᠴᠠᠬᠢᠯᠭᠠᠨ ᠬᠦᠴᠦᠳᠡᠯ ᠤᠨ ᠬᠠᠩᠭᠠᠯᠭ᠎ᠠ ᠬᠦᠷᠦᠯᠴᠡᠬᠦ ᠦᠭᠡᠢ ᠲᠤᠯᠠ᠂ | ᠮᠠᠰᠢᠨᠴᠢᠯᠠᠭᠰᠠᠨ ᠲᠥᠬᠦᠭᠡᠷᠦᠮᠵᠢ ᠶᠢ ᠪᠠᠶᠢᠩᠭᠤ ᠬᠡᠷᠡᠭᠯᠡᠬᠦ ᠶᠢᠨ ᠠᠷᠭ᠎ᠠ ᠦᠭᠡᠢ ᠪᠠᠶᠢᠵᠠᠢ᠃ | ᠪᠠᠲᠤᠪᠠᠶᠠᠷ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢᠨ ᠬᠢᠨ ︽ᠭᠤᠷᠪᠠᠨ ᠦᠭᠡᠢ︾᠂ ︽ᠭᠤᠷᠪᠠ ᠶᠢ ᠠᠷᠪᠢᠯᠠᠬᠤ︾ ᠦᠢᠯᠡᠴᠢᠯᠡᠭᠡ ᠪᠠ ᠴᠠᠬᠢᠯᠭᠠᠨ ᠬᠡᠷᠡᠭᠯᠡᠬᠦ ᠪᠠᠷ | ᠭᠤᠶᠤᠴᠢᠯᠠᠬᠤ ᠵᠥᠭᠡᠯᠡᠨ ᠲᠤᠨᠤᠭ ᠢ ᠳᠡᠯᠭᠡᠷᠡᠭᠦᠯᠦᠨ ᠬᠡᠷᠡᠭᠯᠡᠬᠦ ᠶᠢ ᠤᠬᠠᠭᠤᠯᠵᠤ ᠪᠠᠶᠢᠭᠰᠠᠨ ᠢ ᠰᠠᠨᠠᠵᠤ ᠣᠯᠣᠭᠠᠳ᠂ ︽ | ᠮᠥᠩᠬᠡ ᠰᠤᠪᠠᠭ︾ APP ᠢ ᠬᠡᠷᠡᠭᠯᠡᠨ᠂ ᠥᠪᠡᠷ ᠤᠨ ᠪᠣᠯᠣᠨ ᠣᠶᠢᠷ᠎ᠠ ᠬᠠᠪᠢ ᠶᠢᠨ ᠮᠠᠯᠴᠢᠨ ᠡᠷᠦᠬᠡ ᠶᠢᠨ ᠢᠶᠠᠨ | ᠬᠦᠴᠢᠷᠳᠡᠯ ᠢ ᠨᠠᠷᠢᠨ ᠲᠠᠨᠢᠯᠴᠠᠭᠤᠯᠪᠠ᠃ ︽ᠪᠢ ᠮᠠᠰᠢᠨᠴᠢᠯᠠᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ ᠣᠷᠣᠭᠤᠯᠤᠨ᠂ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ᠂ ᠬᠥᠮᠥᠨ ᠤ ᠬᠦᠴᠦᠨ ᠤ ᠥᠪᠡᠷ ᠤᠨ ᠥᠷᠲᠡᠭ ᠢ ᠪᠠᠭᠠᠰᠬᠠᠨ᠂ | ᠣᠷᠣᠯᠭ᠎ᠠ ᠪᠠᠨ ᠨᠡᠮᠡᠭᠳᠡᠭᠦᠯᠦᠶ᠎ᠡ ᠭᠡᠵᠦ ᠪᠣᠳᠣᠵᠤ ᠪᠠᠶᠢᠨ᠎ᠠ᠃ ᠭᠡᠲᠡᠯ᠎ᠡ᠂ ᠣᠳᠣᠬᠠᠨ ᠳᠤ ᠮᠠᠨ ᠤ ᠬᠢ ᠪᠣᠯᠣᠨ ᠬᠥᠷᠰᠢ | ᠵᠡᠷᠭᠡᠯᠡᠳᠡᠭᠡ ᠶᠢᠨ ᠬᠢᠨ ᠴᠥᠮ ᠭᠤᠷᠪᠠᠨ ᠤᠲᠠᠰᠤᠲᠤ ᠴᠠᠬᠢᠯᠭᠠᠨ ᠦᠭᠡᠢ ᠪᠣᠯᠬᠤᠷ ᠲᠣᠮᠣ ᠬᠡᠯᠪᠡᠷᠢ ᠶᠢᠨ ᠮᠠᠰᠢᠨ | ᠲᠥᠬᠦᠭᠡᠷᠦᠮᠵᠢ ᠬᠤᠳᠠᠯᠳᠤᠨ ᠠᠪᠤᠭᠰᠠᠨ ᠴᠤ ᠬᠡᠷᠡᠭᠯᠡᠵᠦ ᠴᠢᠳᠠᠬᠤ ᠦᠭᠡᠢ ᠪᠠᠶᠢᠨ᠎ᠠ︾ ᠭᠡᠵᠦ ᠪᠠᠲᠤᠪᠠᠶᠠᠷ ᠬᠠᠮᠢᠶ᠎ᠠ ᠪᠦᠬᠦᠢ | ᠠᠵᠢᠯᠲᠠᠨ ᠳᠤ ᠪᠠᠶᠢᠳᠠᠯ ᠢᠶᠠᠨ ᠬᠡᠯᠡᠵᠡᠢ᠃ | ᠪᠠᠷᠠᠭᠤᠨ ᠦᠵᠦᠮᠦᠴᠢᠨᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠨᠢ ᠡᠨᠡᠬᠦ ᠴᠢᠮᠡᠭᠡ ᠶᠢ ᠲᠣᠰᠣᠮᠠᠭᠴᠠ | ᠳᠠᠷᠤᠶᠢᠬᠠᠨ ᠨᠠᠮ ᠤᠨ ᠭᠡᠰᠢᠭᠦᠨ ᠢᠶᠠᠷ ᠪᠦᠷᠢᠯᠳᠦᠭᠰᠡᠨ ᠲᠤᠰᠬᠠᠢ ᠠᠵᠢᠯᠯᠠᠬᠤ ᠳᠤᠭᠤᠶᠢᠯᠠᠩ ᠲᠣᠮᠢᠯᠠᠨ᠂ ᠪᠠᠲᠤᠪᠠᠶᠠᠷ ᠤᠨ | ᠪᠠᠶᠢᠭ᠎ᠠ ᠭᠠᠴᠠᠭᠠᠨ ᠤ ᠴᠠᠬᠢᠯᠭᠠᠨ ᠢ ᠬᠠᠶᠢᠨ ᠪᠠᠶᠢᠴᠠᠭᠠᠵᠤ᠂ ᠮᠠᠯᠴᠢᠳ ᠤᠨ ᠭᠡᠷ ᠲᠤ ᠭᠦᠨᠵᠡᠭᠡᠶᠢᠷᠡᠨ ᠴᠠᠬᠢᠯᠭᠠᠨ ᠬᠡᠷᠡᠭᠯᠡᠬᠦ | ᠪᠣᠳᠠᠲᠠᠢ ᠬᠡᠷᠡᠭᠴᠡᠭᠡ ᠶᠢ ᠨᠢ ᠣᠶᠢᠯᠠᠭᠠᠬᠤ ᠶᠢᠨ ᠬᠠᠮᠲᠤ᠂ ᠴᠠᠬᠢᠯᠭᠠᠨ ᠤᠲᠠᠰᠤ ᠶᠢ ᠥᠭᠡᠷᠡᠴᠢᠯᠡᠬᠦ ᠲᠥᠰᠥᠯ ᠢ ᠦᠳᠲᠡᠷ | ᠲᠣᠭᠲᠠᠭᠠᠵᠤ᠂ ᠨᠠᠮ ᠤᠨ ᠭᠡᠰᠢᠭᠦᠨ ᠤ ᠭᠠᠪᠰᠢᠭᠠᠢ ᠠᠩᠭᠢ ᠲᠦᠷᠦᠭᠦᠯᠡᠨ 35 ᠺᠢᠯᠣᠸᠠᠲ ᠤᠨ ᠬᠦᠴᠦᠳᠡᠯ ᠥᠭᠡᠷᠡᠴᠢᠯᠡᠬᠦ | ᠥᠷᠲᠡᠭᠡ ᠶᠢᠨ 10 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡᠨ ᠤ 951 ᠪᠠᠶᠠᠨᠪᠤᠯᠠᠭ ᠵᠠᠮ ᠤᠨ | ᠴᠠᠬᠢᠯᠭᠠᠨ ᠤᠲᠠᠰᠤ ᠶᠢ ᠥᠭᠡᠷᠡᠴᠢᠯᠡᠨ᠂ 5 ᠬᠦᠴᠦᠳᠡᠯ ᠥᠭᠡᠷᠡᠴᠢᠯᠡᠭᠴᠢ ᠶᠢ ᠰᠣᠯᠢᠵᠤ᠂ ᠳᠠᠬᠢᠨ ᠠᠷᠪᠠᠨ ᠡᠷᠦᠬᠡ ᠳᠤ | ᠭᠤᠷᠪᠠᠨ ᠤᠲᠠᠰᠤᠲᠤ ᠴᠠᠬᠢᠯᠭᠠᠨ ᠨᠡᠪᠲᠡᠷᠡᠭᠦᠯᠵᠦ ᠂ ᠪᠠᠲᠤᠪᠠᠶᠠᠷ ᠵᠢᠴᠢ ᠣᠶᠢᠷ᠎ᠠ ᠬᠠᠪᠢ ᠶᠢᠨ ᠠᠶᠢᠯ ᠡᠷᠦᠬᠡ ᠶᠢᠨ | ᠠᠮᠢᠳᠤᠷᠠᠯ ᠦᠢᠯᠡᠳᠪᠦᠷᠢᠯᠡᠯ ᠳᠤ ᠨᠢ ᠲᠤᠯᠭᠠᠷᠠᠵᠤ ᠪᠠᠶᠢᠭᠰᠠᠨ ᠡᠨᠡᠬᠦ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ | ᠮᠠᠯᠵᠢᠬᠤ ᠦᠢᠯᠡᠳᠪᠦᠷᠢᠯᠡᠯ ᠠᠮᠢᠳᠣᠷᠠᠯ ᠳᠤ ᠨᠢ ᠳᠦᠭᠦᠮ ᠦᠵᠡᠭᠦᠯᠦᠯ᠎ᠡ᠃᠃ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠨᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ︽ᠭᠤᠷᠪᠠᠨ | ᠦᠭᠡᠢ᠂ ᠭᠤᠷᠪᠠ ᠶᠢ ᠠᠷᠪᠢᠯᠠᠬᠤ︾ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠮᠠᠯᠵᠢᠬᠤ ᠣᠷᠣᠨ ᠤ ᠴᠠᠬᠢᠯᠭᠠᠨ ᠬᠡᠷᠡᠭᠯᠡᠬᠦ ᠰᠢᠨ᠎ᠡ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠴᠠᠬᠢᠯᠭᠠᠨ ᠬᠠᠩᠭᠠᠬᠤ | ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠰᠢᠯᠢᠳᠡᠭᠵᠢᠭᠦᠯᠵᠦ᠂ ᠨᠢᠭᠡ ᠥᠷᠲᠡᠭᠡᠴᠢᠯᠡᠭᠰᠡᠨ ᠬᠡᠯᠪᠡᠷᠢ ᠶᠢᠨ | ᠦᠢᠯᠡᠴᠢᠯᠡᠭᠡᠨ ᠤ ︽ᠰᠠᠭᠠᠳ ᠦᠭᠡᠢ ᠵᠠᠮ︾ ᠢ ᠨᠡᠪᠲᠡᠷᠡᠭᠦᠯᠵᠦ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠬᠠᠮᠢᠭ᠎ᠠ ᠬᠡᠷᠡᠭᠯᠡᠭᠴᠢᠳ ᠤᠨ ᠠᠮᠢᠳᠤᠷᠠᠯ ᠦᠢᠯᠡᠳᠪᠦᠷᠢᠯᠡᠯ ᠳᠤ | ᠴᠠᠬᠢᠯᠭᠠᠨ ᠬᠦᠴᠦᠨ ᠤ ᠬᠠᠩᠭᠠᠯᠭ᠎ᠠ ᠴᠢᠬᠤᠯᠠᠲᠠᠢ ᠪᠣᠯ᠂ ᠲᠡᠨᠳᠡ ᠴᠠᠬᠢᠯᠭᠠᠨ ᠬᠦᠴᠦᠨ ᠤ ᠪᠠᠲᠤᠯᠠᠭ᠎ᠠ ᠶᠢ ᠬᠦᠷᠭᠡᠬᠦ ᠶᠢ | ᠪᠡᠶᠡᠯᠡᠭᠦᠯᠪᠡ᠃ ᠡᠭᠦᠨ ᠤ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ | ᠥᠷᠨᠢᠭᠦᠯᠬᠦ ᠶᠢ ᠪᠠᠷᠢᠮᠲᠠᠯᠠᠨ᠂ ︽ᠬᠡᠷᠡᠭᠯᠡᠭᠴᠢᠳ ᠤᠨ ᠦᠢᠯᠡᠴᠢᠯᠡᠭᠡᠨ ᠤ ᠲᠠᠩᠰᠠ ᠡᠪᠬᠡᠮᠡᠯ︾ ᠢ ᠪᠠᠶᠢᠭᠤᠯᠵᠤ᠂ | ᠬᠡᠷᠡᠭᠯᠡᠭᠴᠢᠳ ᠤᠨ ᠦᠢᠯᠡᠳᠪᠦᠷᠢᠯᠡᠯ ᠡᠵᠡᠩᠨᠡᠯᠲᠡ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠬᠥᠳᠡᠯᠦᠩᠭᠦᠢ ᠪᠠᠷ ᠮᠥᠷᠳᠡᠨ ᠲᠡᠮᠳᠡᠭᠯᠡᠪᠡ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ | ᠨᠢ ᠨᠡᠶᠢᠲᠡ 2.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ 85 | ᠭᠠᠴᠠᠭᠠᠨ ᠤ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ᠂ 2785 ᠮᠠᠯᠴᠢᠨ ᠡᠷᠦᠬᠡ ᠳᠤ ᠴᠠᠬᠢᠯᠭᠠᠨ | ᠨᠡᠪᠲᠡᠷᠡᠭᠦᠯᠦᠭᠰᠡᠨ ᠪᠠᠶᠢᠨ᠎ᠠ᠃ | ᠪᠠᠷᠠᠭᠤᠨ ᠦᠵᠦᠮᠦᠴᠢᠨ ᠤ ᠴᠠᠬᠢᠯᠭᠠᠨ ᠬᠠᠩᠭᠠᠬᠤ ᠺᠣᠮᠫᠠᠨᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠣᠳᠠᠲᠠᠢ ᠠᠵᠢᠯᠯᠠᠭ᠎ᠠ ᠪᠣᠯᠭᠠᠨ ᠦᠢᠯᠡᠳᠦᠯᠭᠡᠵᠢᠭᠦᠯᠵᠦ᠂ ᠴᠠᠬᠢᠯᠭᠠᠨ | ᠬᠠᠩᠭᠠᠬᠤ ᠰᠢᠯᠢᠳᠡᠭ ᠦᠢᠯᠡᠴᠢᠯᠡᠭᠡ ᠶᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠦ᠂ ᠡᠷᠡᠰ ᠪᠠᠲᠤ ᠵᠣᠷᠢᠭ᠂ ᠪᠣᠳᠠᠲᠠᠢ ᠶᠢ ᠡᠷᠬᠢᠮᠯᠡᠬᠦ | ᠠᠷᠭ᠎ᠠ ᠬᠡᠮᠵᠢᠶ᠎ᠡ᠂ ᠰᠢᠯᠢᠳᠡᠭ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ | ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠪᠡ᠃ | ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠤ ᠴᠠᠬᠢᠯᠭᠠᠨ ᠬᠠᠩᠭᠠᠬᠤ ᠺᠣᠮᠫᠠᠨᠢ ᠨᠢ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠴᠠᠬᠢᠯᠭᠠᠨ ᠬᠦᠴᠦᠨ ᠢ ᠤᠷᠢᠳᠠᠪᠠᠷ ᠬᠥᠭᠵᠢᠭᠦᠯᠬᠦ︾ ᠣᠶᠢᠯᠠᠭᠠᠭᠳᠠᠬᠤᠨ ᠢ ᠦᠷᠭᠦᠯᠵᠢᠯᠡᠨ | ᠪᠠᠲᠤᠳᠬᠠᠵᠤ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠵᠢᠴᠢ ᠴᠠᠬᠢᠯᠭᠠᠨ ᠬᠠᠩᠭᠠᠬᠤ | ᠴᠢᠳᠠᠪᠤᠷᠢ ᠪᠠᠨ ᠳᠠᠰᠤᠷᠠᠯᠳᠠ ᠦᠭᠡᠢ ᠳᠡᠭᠭᠡᠭᠰᠢᠯᠡᠭᠦᠯᠦᠨ᠂ ︽ᠴᠠᠬᠢᠯᠭᠠᠨ ᠢ ᠰᠠᠶᠢᠲᠤᠷ ᠬᠠᠩᠭᠠᠵᠤ᠂ ᠠᠵᠢᠯ ᠢ ᠰᠠᠶᠢᠲᠤᠷ | ᠭᠦᠢᠴᠡᠳᠬᠡᠬᠦ︾ ᠪᠠᠷ ᠨᠡᠩ ᠰᠠᠶᠢᠨ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠶᠡᠭᠡ | ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ ᠪᠣᠯᠣᠨ᠎ᠠ᠃ | ᠢᠨᠵᠧᠨᠧᠷᠢᠩ ᠤᠨ ᠬᠠᠷᠢᠭᠤᠴᠠᠯᠭᠠᠲᠠᠨ ᠴᠢᠯᠠᠭᠤ᠄ ︽ᠡᠨᠡ ᠪᠣᠯ ︿ᠭᠤᠷᠪᠠᠨᠦᠭᠡᠢ᠂ ᠭᠤᠷᠪᠠ ᠶᠢ ᠠᠷᠪᠢᠯᠠᠬᠤ﹀ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠢᠨᠵᠧᠨᠧᠷᠢᠩ ᠪᠣᠯᠣᠨ᠎ᠠ᠃ ᠮᠠᠯᠴᠢᠳ ᠤᠨ ᠴᠠᠬᠢᠯᠭᠠᠨ | ᠬᠡᠷᠡᠭᠯᠡᠬᠦ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ ᠬᠡᠷᠡᠭᠵᠢᠭᠦᠯᠦᠭᠰᠡᠨ ᠶᠤᠮ᠃ ᠬᠤᠶᠠᠷ ᠤᠲᠠᠰᠤᠲᠤ ᠴᠠᠬᠢᠯᠭᠠᠨ ᠨᠢ | ᠮᠠᠯᠴᠢᠳ ᠤᠨ ᠵᠠᠷᠢᠮ ᠲᠣᠮᠣ ᠬᠡᠯᠪᠡᠷᠢ ᠶᠢᠨ ᠮᠠᠰᠢᠨ ᠳᠦᠬᠦᠭᠡᠷᠦᠮᠵᠢ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ | ᠲᠤᠯᠠ ᠮᠠᠯᠴᠢᠳ ᠡᠷᠡᠮᠡᠯᠵᠡᠭᠰᠡᠨ ᠤ ᠳᠠᠷᠠᠭ᠎ᠠ ᠪᠢᠳᠡ 100 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ | ᠨᠡᠮᠡᠨ ᠤᠭᠰᠠᠷᠠᠵᠤ᠂ 434 ᠮᠧᠲᠷ ᠤᠷᠲᠤ 380v ᠤᠨ ᠴᠠᠬᠢᠯᠭᠠᠨ ᠤᠲᠠᠰᠤ ᠲᠠᠲᠠᠵᠤ ᠬᠤᠶᠠᠷ ᠮᠠᠯᠴᠢᠨ ᠡᠷᠦᠬᠡ ᠶᠢᠨ | ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠪᠠ︾ ᠭᠡᠯᠡ᠃ | ᠬᠤᠭᠤᠯᠠᠲᠤ ᠶᠢᠨ ᠭᠤᠣᠯ ᠪᠠᠯᠭᠠᠰᠤᠨ ᠤ ᠪᠠᠶᠠᠨᠪᠤᠯᠠᠭ ᠭᠠᠴᠠᠭᠠᠨ ᠤ ᠮᠠᠯᠴᠢᠨ ᠪᠠᠲᠤᠪᠠᠶᠠᠷ᠄ ︽ᠤᠤᠯ ᠤᠨ ᠬᠡᠷᠡᠭᠯᠡᠵᠦ | ᠪᠠᠶᠢᠭᠰᠠᠨ ᠬᠤᠶᠠᠷ ᠤᠲᠠᠰᠤᠲᠤ ᠴᠠᠬᠢᠯᠭᠠᠨ ᠨᠢ ᠣᠯᠠᠨ ᠵᠦᠢᠯ ᠤᠨ ᠳᠦᠬᠦᠭᠡᠷᠦᠮᠵᠢ ᠶᠢ ᠬᠡᠷᠡᠭᠯᠡᠬᠦ ᠳᠤ ᠴᠠᠬᠢᠯᠭᠠᠨ ᠬᠠᠩᠭᠠᠵᠤ | ᠳᠡᠶᠢᠯᠬᠦ ᠦᠭᠡᠢ ᠪᠠᠶᠢᠭᠰᠠᠨ᠂ ᠣᠳᠣ ᠭᠤᠷᠪᠠᠨ ᠤᠲᠠᠰᠤᠲᠤ ᠴᠠᠬᠢᠭᠯᠠᠨ ᠲᠠᠢ ᠪᠣᠯᠣᠭᠰᠠᠨ ᠲᠤᠯᠠ ᠬᠡᠷᠡᠭᠴᠡᠭᠡ ᠶᠢ ᠬᠠᠩᠭᠠᠵᠤ | ᠳᠡᠶᠢᠯᠬᠦ ᠪᠣᠯᠵᠠᠢ︾ ᠭᠡᠯᠡ᠃ | | |