ᠤᠯᠵᠠ ᠤᠮᠤᠭ ᠲᠠᠢ ᠵᠤᠨ ᠤ ᠠᠮᠠᠷᠠᠯᠲᠠ
ᠨᠡᠶᠢᠲᠡᠯᠡᠭᠰᠡᠨ ᠴᠠᠭ᠄
2023/8/21
                  ᠤᠯᠵᠠ ᠤᠮᠤᠭ ᠲᠠᠢ ᠵᠤᠨ ᠤ ᠠᠮᠠᠷᠠᠯᠲᠠ                                            ᠵᠤᠨ ᠤ ᠠᠮᠠᠷᠠᠯᠲᠠ ᠶᠢᠨ ᠬᠤᠭᠤᠴᠠᠭ᠎ᠠ ᠪᠠᠨ ᠭᠡᠷᠬᠢᠨ ᠤᠳᠬ᠎ᠠ ᠠᠭᠤᠯᠭ᠎ᠠ ᠲᠠᠢ ᠦᠩᠭᠡᠷᠡᠬᠦᠯᠵᠦ ᠪᠠᠶᠢᠭ᠎ᠠ ᠲᠤᠬᠠᠢ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠬᠤᠶᠠᠷ ᠰᠤᠷᠤᠭᠴᠢ   ᠶᠢ  ᠰᠤᠷᠪᠤᠯᠵᠢᠯᠠᠨ ᠤᠶᠢᠯᠠᠭᠠᠯ᠎ᠠ᠃      ᠰᠤᠷᠤᠭᠴᠢ ᠠᠨᠠᠷ ᠪᠤᠯ  ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ 325 ᠳ᠋ᠤᠭᠠᠷ ᠠᠩᠭᠢ ᠳᠤ ᠰᠤᠷᠤᠯᠴᠠᠵᠤ ᠪᠠᠶᠢᠭ᠎ᠠ ᠰᠤᠷᠤᠭᠴᠢ ᠪᠤᠯᠬᠤ  ᠶᠤᠮ᠃ ᠲᠡᠷᠡᠪᠡᠷ ᠵᠤᠨ ᠤ ᠠᠮᠠᠷᠠᠯᠲᠠ ᠳᠠᠭᠠᠨ  ︽ᠤᠯᠤᠰ ᠢᠶᠠᠨ ᠬᠦᠴᠦᠷᠭᠡᠭᠵᠢᠬᠦᠯᠦᠨ ᠮᠠᠨᠳᠤᠭᠤᠯᠬᠤ  ︾ ᠴᠡᠷᠢᠭ ᠤᠨ ᠶᠠᠪᠤᠳᠠᠯ ᠤᠨ ᠵᠤᠰᠠᠭᠠᠯ ᠤᠨ ᠠᠵᠢᠯᠯᠠᠭᠠᠨ ᠳᠤ  ᠰᠠᠶᠢᠨ ᠲᠤᠷ᠎ᠠ ᠠᠴᠠ ᠪᠠᠨ ᠡᠷᠡᠮᠡᠯᠵᠢᠯᠡᠨ ᠤᠷᠤᠯᠴᠠᠵᠤ᠂  ᠲᠠᠪᠤᠨ ᠡᠲᠦᠷ ᠤᠨ ᠴᠡᠷᠢᠭ ᠤᠨ ᠬᠠᠳᠠᠭᠤᠵᠢᠯᠲᠠᠢ ᠪᠤᠯᠪᠠᠰᠤᠷᠠᠯ ᠢᠶᠠᠷ ᠲᠠᠮᠵᠢᠨ ᠦᠪᠡᠷ ᠤᠨ ᠪᠡᠶ᠎ᠡ ᠪᠠᠨ ᠲᠠᠪᠳᠠᠨ  ᠪᠤᠯᠪᠠᠰᠤᠷᠠᠭᠤᠯᠵᠤ᠂ ᠬᠠᠯᠠᠰᠢᠷᠠᠯ ᠦᠭᠡᠢ ᠴᠢᠷᠮᠠᠶᠢᠭᠰᠠᠨ ᠤ ᠬᠠᠷᠢᠭᠤ   ᠳᠤ ᠦᠷᠦᠭᠡᠯ ᠪᠤᠰᠤᠳ ᠠᠴᠠ ᠰᠢᠯᠭᠠᠷᠠᠨ᠂ ︽ᠰᠢᠯᠢᠳᠡᠭ ᠰᠤᠷᠤᠯᠴᠠᠭᠴᠢ︾ ᠶᠢᠨ ᠢᠷᠡᠭᠤ ᠠᠯᠳᠠᠷ ᠢ  ᠬᠦᠷᠳᠡᠬᠦ ᠶᠢᠨ ᠲᠠᠭᠤ  ᠵᠦᠩᠳᠡᠭᠡᠨ ᠤᠯᠠᠨ ᠵᠦᠢᠯ ᠰᠤᠷᠴᠤ ᠡᠵᠡᠮᠰᠢᠭᠰᠡᠨ ᠳᠡᠭᠡᠨ ᠮᠠᠰᠢ ᠤᠯᠵᠠᠷᠬᠠᠨ᠂ ᠬᠦᠰᠡᠯ ᠬᠤᠷᠤᠶᠢᠯᠠᠭᠰᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠠᠮᠵᠢᠯᠲᠠ ᠲᠡᠬᠦᠯᠳᠡᠷ ᠡᠬᠢᠯᠡᠬᠦᠯᠬᠦ ᠪᠠᠷ ᠪᠡᠯᠡᠬᠡᠨ ᠰᠠᠭᠤᠨ᠎ᠠ᠃    ᠰᠤᠷᠤᠭᠴᠢ ᠲᠡᠷᠭᠡᠯ ᠪᠤᠯ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ 313 ᠳ᠋ᠤᠭᠠᠷ ᠠᠩᠭᠢ ᠶᠢᠨ ᠰᠤᠷᠤᠭᠴᠢ ᠪᠤᠯᠤᠨ᠎ᠠ᠃   ᠲᠡᠷᠡᠪᠡᠷ 7 ᠰᠠᠷ᠎ᠠ ᠶᠢᠨ24 —30 ᠤ ᠡᠲᠦᠷ ᠪᠤᠯᠳᠠᠯ᠎ᠠ ᠤᠷᠳᠤᠰ ᠬᠤᠳᠠ ᠳᠤ ᠶᠠᠪᠤᠭᠳᠠᠭᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠡᠮᠡᠭᠳᠠᠢ ᠶᠢᠨ ᠴᠢᠯᠦᠭᠡᠲᠦ ᠪᠦᠬᠡ ᠶᠢᠨ ᠪᠠᠭᠠᠴᠤᠳ ᠤᠨ ᠲᠤᠭᠤᠶᠢᠯᠠᠩ ᠤᠨ 62Kg ᠤᠨ ᠲᠡᠰ ᠤᠨ ᠠᠯᠳᠠᠨ ᠮᠧᠲᠡᠯ ᠲᠤᠰᠴᠤ᠂ ᠵᠤᠨ ᠤ ᠠᠮᠠᠷᠠᠯᠲᠠ ᠢᠶᠠᠨ ᠭᠠᠨᠵᠤᠭ᠎ᠠ  ᠲᠦᠭᠦᠷᠡᠩ ᠤᠳᠬ᠎ᠠ ᠠᠭᠤᠯᠭ᠎ᠠ ᠲᠠᠢ ᠦᠩᠭᠡᠷᠡᠬᠦᠯᠵᠦ᠂ ᠲᠠᠰᠬᠠᠯ  ᠲᠠᠭᠠᠭᠠᠯᠭᠠᠪᠤᠷᠢ ᠪᠠᠨ ᠰᠠᠶᠢᠲᠤᠷ ᠬᠦᠢᠴᠡᠳᠬᠡᠨ᠂  ᠤᠳᠠᠯ ᠦᠭᠡᠢ  ᠡᠬᠢᠯᠡᠬᠦ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ   ᠪᠠᠨ ᠤᠯᠠᠨ  ᠰᠠᠶᠢᠬᠠᠨ  ᠲᠦᠰᠦᠪ ᠲᠦᠯᠦᠪᠯᠡᠯᠭᠡ ᠲᠠᠢ ᠰᠠᠭᠤᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号