ᠪᠠᠶᠠᠰᠬᠤᠯᠠᠩᠳᠣ ᠨᠠᠭᠠᠳᠣᠮ  ᠪᠠᠭ᠋ᠠᠷᠬᠠᠯᠳᠣ ᠰᠣᠶᠤᠯ ᠤᠨ ᠦᠪ
ᠨᠡᠶᠢᠲᠡᠯᠡᠭᠰᠡᠨ ᠴᠠᠭ᠄
2023/8/21
                ᠪᠠᠶᠠᠰᠬᠤᠯᠠᠩᠳᠣ ᠨᠠᠭᠠᠳᠣᠮ  ᠪᠠᠭ᠋ᠠᠷᠬᠠᠯᠳᠣ ᠰᠣᠶᠤᠯ ᠤᠨ ᠦᠪ           ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠦᠷᠪᠡᠳᠣᠬᠡᠷ ᠤᠳᠠᠭᠠᠨ ᠤ ᠠᠷᠡᠳ ᠤᠨ ᠶᠡᠭᠡ ᠨᠠᠶᠢᠷ ᠤᠨ ᠬᠤᠭᠤᠴᠠᠭᠠᠨ ᠳᠤ  ᠪᠣᠳᠠᠰ ᠤᠨ ᠪᠤᠰᠤ ᠰᠣᠶᠣᠯ ᠤᠨ ᠥᠪ ᠤᠨ  ᠲᠠᠯᠬᠡᠨ ᠦᠵᠡᠭᠦᠯᠦᠯᠭᠡ ᠶᠠᠪᠤᠭᠳᠠᠵᠦ᠂  ᠦᠵᠦᠮᠦᠴᠢᠨ ᠨᠤᠳᠤᠭ ᠤᠨ ᠢᠶᠠᠨ ᠪᠤᠳᠠᠰ ᠤᠨ ᠪᠤᠰᠣ ᠰᠣᠶᠤᠯ ᠤᠨ ᠦᠪ   ᠤᠨ ᠦᠷ᠎ᠠ ᠪᠦᠳᠦᠬᠡᠯ   ᠢ ᠬᠤᠷᠠᠭᠰᠠᠨ ᠤᠯᠠᠨ ᠳᠠᠭᠠᠨ  ᠲᠠᠯᠬᠡᠨ ᠦᠵᠡᠭᠦᠯᠵᠦ᠂  ᠦᠵᠦᠮᠦᠴᠢᠨᠴᠣᠳ ᠤᠨ ᠣᠯᠠᠮᠵᠢᠯᠠᠯᠲᠤ ᠰᠣᠶᠤᠯ ᠢᠷᠬᠡᠨᠰᠢᠯ ᠢ ᠨᠠᠩ ᠤᠯᠠᠨ ᠬᠦᠮᠦᠰ ᠲᠤ  ᠲᠠᠨᠢᠭᠤᠯᠬᠤ ᠪᠤᠯᠤᠨ᠎ᠠ᠃
     ᠲᠣᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ  ᠲᠠᠯᠬᠡᠨ ᠦᠵᠡᠭᠦᠯᠦᠯᠭᠡ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂  ᠦᠵᠦᠮᠦᠴᠢᠨ ᠬᠤᠪᠴᠠᠰᠤ ᠵᠠᠰᠠᠯ  ᠬᠢᠬᠦ ᠤᠷ᠎ᠠ ᠮᠠᠷᠬᠡᠵᠢᠯ᠂   ᠦᠵᠦᠮᠦᠴᠢᠨ ᠡᠮᠡᠭᠡᠯ ᠬᠢᠬᠦ ᠤᠷᠠᠯᠠᠯ  ᠂  ᠦᠵᠦᠮᠦᠴᠢᠨᠴᠣᠳ ᠤᠨ ᠤᠳᠣᠮᠠᠯ ᠲᠠᠪᠠᠯ ᠤᠶᠤᠬᠤ ᠤᠷ᠎ᠠ ᠮᠠᠷᠬᠡᠵᠢᠯ  ᠂ ᠦᠵᠦᠮᠦᠴᠢᠨ ᠬᠠᠳᠬᠤᠮᠠᠯ᠂  ᠮᠤᠷᠢᠨ ᠬᠤᠭᠤᠷ  ᠬᠢᠬᠦ ᠤᠷ᠎ᠠ ᠮᠠᠷᠬᠡᠵᠢᠯ᠂  ᠮᠤᠩᠭᠤᠯ ᠦᠨᠳᠣᠰᠣᠳᠠᠨ ᠤ ᠤᠯᠠᠮᠵᠢᠯᠠᠯᠳᠣ ᠢᠰᠠᠬᠡᠢ  ᠬᠢᠬᠦ ᠤᠷᠠᠯᠠᠯ᠂ ᠮᠤᠩᠭᠤᠯ ᠦᠨᠳᠣᠰᠣᠳᠠᠨ ᠤ ᠤᠯᠠᠮᠵᠢᠯᠠᠯᠳᠣ ᠨᠠᠭᠠᠳᠣᠮ ᠠᠮᠤᠷ ᠪᠠᠶᠠᠰᠬᠤᠯᠠᠩ ᠵᠡᠷᠭᠡ  ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠠᠰ ᠪᠠ  ᠬᠤᠰᠢᠭᠤ ᠲᠠᠰ ᠤᠨ ᠳᠥᠷᠪᠡᠨ ᠱᠠᠲᠤᠨ ᠤ  ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ   ᠤᠨ 2000 ᠭᠠᠷᠤᠢ ᠪᠦᠳᠦᠬᠡᠯ ᠢ ᠲᠠᠯᠬᠡᠨ ᠦᠵᠡᠬᠦᠯᠬᠦ ᠶᠢᠨ ᠬᠠᠮᠲᠤ 30 ᠰᠢᠬᠠᠮ ᠪᠤᠳᠠᠰ ᠤᠨ ᠪᠤᠰᠣ ᠰᠣᠶᠤᠯ ᠤᠨ ᠦᠪ ᠤᠨ ᠤᠯᠠᠮᠵᠢᠯᠠᠭᠴᠢ   ᠠᠴᠠ ᠠᠬᠤᠢ ᠲᠠᠯᠠᠪᠡᠢ   ᠳᠤ ᠠᠮᠢᠳᠤᠯᠢᠭ  ᠰᠠᠶᠢᠬᠠᠨ  ᠲᠠᠶᠢᠯᠪᠤᠷᠢᠯᠠᠯᠳᠠ ᠬᠢᠵᠦ  ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ  ᠬᠠᠷᠠᠭᠤᠯᠤᠨ᠎ᠠ᠃    
   
    ᠲᠤᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ  ᠭᠦᠭᠵᠢᠬᠦᠯᠤᠯᠳᠠ ᠶᠢᠨ ᠲᠥᠪ ᠠᠴᠠ ᠳᠠᠭᠠᠭᠠᠴᠢᠯᠠᠨ ᠡᠷᠬᠢᠯᠡᠵᠦ᠂  ᠦᠵᠡᠭᠦᠯᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠪᠠᠷ ᠭᠤᠣᠯ ᠰᠢᠵᠢᠮ ᠪᠣᠯᠭᠠᠵᠤ᠂ ᠪᠥᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠣᠬᠠᠭᠤᠯᠤᠨ ᠰᠣᠷᠲᠠᠯᠴᠢᠯᠠᠬᠤ ᠪᠠᠷ ᠳᠠᠮᠵᠢᠭᠤᠯᠤᠨ᠂ ᠨᠠᠩ ᠣᠯᠠᠨ ᠬᠥᠮᠥᠰ ᠲᠤ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠦᠨ ᠵᠤᠵᠠᠭᠠᠨ ᠰᠣᠶᠤᠯ ᠤᠯᠠᠮᠵᠢᠯᠠᠯ ᠢ ᠮᠡᠳᠡᠷᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ  ᠳᠡᠭᠡᠭᠰᠢᠯᠡᠭᠦᠯᠦᠨ᠂  ᠰᠣᠶᠣᠯ ᠪᠠ ᠵᠢᠭᠤᠯᠴᠢᠯᠠᠯ ᠤᠨ ᠭᠦᠨᠵᠡᠭᠡᠢ  ᠠᠭᠤᠰᠣᠯᠴᠠᠯ ᠭᠦᠭᠵᠢᠯᠳᠠ ᠶᠢ ᠠᠬᠢᠭᠤᠯᠬᠤ ᠪᠣᠯᠣᠨ᠎ᠠ᠃     ᠲᠠᠯᠬᠡᠨ ᠦᠵᠡᠬᠦᠯᠤᠯᠬᠡ ᠨᠢ  ᠦᠷᠬᠡᠨ ᠤᠯᠠᠨ ᠮᠠᠯᠴᠢᠨ ᠲᠦᠮᠠᠨ ᠵᠢᠴᠢ  ᠵᠢᠭᠤᠯᠴᠢᠯᠠᠭᠴᠢᠳ ᠤᠨ ᠠᠩᠬᠠᠷᠤᠯ ᠢ ᠲᠠᠲᠠᠵᠤ᠂  ᠤᠨᠴᠠᠭᠠᠶᠢᠯᠠᠨ ᠦᠵᠦᠮᠦᠴᠢᠨ ᠬᠤᠪᠴᠠᠰᠣ ᠵᠠᠰᠠᠯ᠂  ᠭᠠᠷ ᠤᠷᠠᠯᠠᠯ ᠤᠨ ᠪᠦᠳᠦᠬᠡᠭᠳᠠᠬᠦᠨ ᠨᠢ ᠤᠯᠠᠨ ᠬᠦᠮᠦᠰ ᠤᠨ ᠲᠠᠭᠠᠰᠢᠶᠠᠯ ᠳᠤ ᠭᠦᠷᠴᠦ ᠪᠤᠷᠤᠯᠠᠭᠤᠯᠭ᠎ᠠ ᠰᠠᠶᠢᠳᠠᠢ ᠪᠠᠶᠢᠯ᠎ᠠ᠃        
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号