ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠣᠳᠠᠭᠠᠨ ᠤ ᠠᠷᠠᠳ ᠤᠨ ᠶᠡᠭᠡ ᠨᠠᠶᠢᠷ ᠤᠨ ᠰᠣᠷ  ᠬᠠᠷᠪᠣᠯᠲᠠ ᠶᠢᠨ ᠣᠷᠣᠯᠳᠣᠭᠠᠨ ᠲᠡᠭᠦᠰ ᠠᠮᠵᠢᠯᠲᠠᠲᠠᠢ ᠥᠨᠳᠦᠷᠯᠡᠪᠡ
ᠨᠡᠶᠢᠲᠡᠯᠡᠭᠰᠡᠨ ᠴᠠᠭ᠄
2023/8/23
  ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠣᠳᠠᠭᠠᠨ ᠤ ᠠᠷᠠᠳ ᠤᠨ ᠶᠡᠭᠡ ᠨᠠᠶᠢᠷ ᠤᠨ ᠰᠣᠷ  ᠬᠠᠷᠪᠣᠯᠲᠠ ᠶᠢᠨ ᠣᠷᠣᠯᠳᠣᠭᠠᠨ ᠲᠡᠭᠦᠰ ᠠᠮᠵᠢᠯᠲᠠᠲᠠᠢ ᠥᠨᠳᠦᠷᠯᠡᠪᠡ                                                                 ᠨᠠᠯᠠᠭᠠᠷ ᠨᠠᠮᠣᠷ   ᠤᠨ ᠨᠢᠵᠢᠭᠡᠷ ᠨᠠᠭᠠᠳᠣᠮ ᠢᠶᠠᠷ᠂  ︽ᠡᠷ᠎ᠡ ᠶᠢᠨ ᠭᠤᠷᠪᠠᠨ ᠨᠠᠭᠠᠳᠣᠮ︾ ᠤᠨ ᠨᠢᠭᠡ ᠪᠣᠯᠬᠤ ᠰᠣᠷ  ᠬᠠᠷᠪᠣᠯᠲᠠ ᠶᠢᠨ ᠣᠷᠣᠯᠳᠣᠭᠠᠨ ᠨᠢ 2023 ᠣᠨ ᠤ 8 ᠰᠠᠷ᠎ᠠ ᠶᠢᠨ 12   ᠤ ᠡᠳᠦᠷ ᠴᠠᠭᠠᠨ ᠠᠳᠣᠭᠤᠨ ᠤ ᠬᠦᠷᠢᠶᠡᠯᠡᠩ ᠳᠤ ᠲᠡᠭᠦᠰ ᠠᠮᠵᠢᠯᠲᠠᠲᠠᠢ ᠥᠨᠳᠦᠷᠯᠡᠯ᠎ᠡ᠃  ᠲᠣᠰ ᠣᠳᠠᠭᠠᠨ ᠤ ᠣᠷᠣᠯᠳᠣᠭᠠᠨ ᠳᠤ ᠠᠯᠠᠱᠠ᠂ ᠪᠠᠶᠠᠨᠨᠠᠭᠤᠷ᠂ ᠬᠥᠯᠦᠨ ᠪᠤᠶᠢᠷ ᠵᠡᠷᠭᠡ ᠣᠷᠣᠨ ᠨᠤᠲᠤᠭ ᠠᠴᠠ ᠬᠦᠷᠥᠯᠴᠡᠨ ᠢᠷᠡᠭᠰᠡᠨ ᠭᠤᠷᠪᠠᠨ ᠵᠠᠭᠤ ᠨᠠᠶᠠᠭᠠᠳ ᠡᠷᠡᠬᠡᠢ ᠮᠡᠷᠭᠡᠨ ᠬᠠᠷᠪᠣᠭᠠᠴᠢᠳ ᠣᠷᠣᠯᠳᠣᠭᠠᠨ ᠳᠤ ᠣᠷᠣᠯᠴᠠᠵᠣ᠂ ᠪᠢᠷ᠎ᠠ ᠣᠬᠠᠭᠠᠨ ᠢᠶᠠᠨ  ᠰᠣᠷᠢᠵᠠᠢ᠃
      ᠣᠷᠣᠯᠳᠣᠭᠠᠨ ᠤ ᠠᠬᠤᠢ ᠲᠠᠯᠠᠪᠠᠢ ᠳᠤ᠂  ᠬᠠᠷᠪᠣᠭᠠᠴᠢᠳ ᠦᠨᠳᠦᠰᠦᠲᠡᠨ ᠤ ᠬᠤᠪᠴᠠᠰᠣ ᠵᠠᠰᠠᠯ ᠢᠶᠠᠷ ᠢᠶᠠᠨ ᠭᠤᠶᠣᠯᠠᠵᠣ᠂  ᠨᠠᠭᠠᠳᠣᠮ ᠤᠨ ᠳᠡᠨᠵᠢ ᠶᠢ ᠴᠢᠮᠡᠵᠣ᠂ ᠭᠤᠷᠪᠠᠨ ᠡᠳᠦᠷ ᠤᠨ ᠲᠣᠷᠰᠢ ᠣᠷ᠎ᠠ ᠮᠡᠷᠭᠡᠵᠢᠯ  ᠂ ᠡᠷᠴᠢ ᠬᠦᠴᠦ ᠪᠠᠨ ᠰᠢᠯᠭᠠᠨ ᠣᠷᠣᠯᠳᠣᠭᠰᠠᠨ ᠢᠶᠠᠷ᠂  ᠨᠢᠭᠡᠴᠢ ᠶᠢᠨ ᠣᠷᠣᠯᠳᠣᠭᠠᠨ ᠳᠤ  ᠪᠠᠭᠠᠷᠢᠨ ᠪᠠᠷᠠᠭᠤᠨ ᠬᠤᠰᠢᠭᠤᠨ  ᠤ  ᠲᠥᠯᠦᠭᠡᠯᠡᠭᠴᠢ ᠶᠢᠨ ᠪᠥᠯᠬᠦᠮ ᠨᠢ ᠲᠡᠷᠢᠭᠦᠯᠡᠨ᠂  ᠰᠢᠯᠤᠭᠤᠨ ᠬᠦᠪᠡᠭᠡᠲᠦ ᠴᠠᠭᠠᠨ ᠬᠤᠰᠢᠭᠤᠨ ᠤ  ᠲᠥᠯᠦᠭᠡᠯᠡᠭᠴᠢ ᠶᠢᠨ ᠪᠥᠯᠬᠦᠮ ᠨᠢ ᠳᠡᠳ᠋ᠯᠡᠵᠤ᠂ ᠡᠷᠢᠶᠡᠨ ᠬᠤᠲᠠ ᠶᠢᠨ ᠲᠥᠯᠦᠭᠡᠯᠡᠭᠴᠢ ᠶᠢᠨ ᠪᠥᠯᠬᠦᠮ ᠨᠢ  ᠭᠤᠷᠪᠠᠳᠣᠭᠠᠷ ᠲᠤ ᠲᠣᠳᠣᠷᠠᠵᠣ᠂ ᠪᠠᠷᠠᠭᠤᠨ ᠦᠵᠦᠮᠦᠴᠢᠨ  ᠬᠤᠰᠢᠭᠤᠨ ᠤ ᠲᠥᠯᠦᠭᠡᠯᠡᠭᠴᠢ ᠶᠢᠨ ᠪᠥᠯᠬᠦᠮ ᠨᠢ ᠳᠥᠷᠪᠡᠳᠦᠭᠡᠷ ᠲᠤ  ᠲᠣᠳᠣᠷᠠᠨ᠂ ᠡᠷᠡᠭᠲᠡᠢ ᠶᠢᠨ ᠬᠤᠪᠢ ᠬᠦᠮᠦᠨ ᠤ ᠰᠠᠷᠠᠨ ᠫᠠᠢ ᠶᠢᠨ ᠣᠷᠣᠯᠳᠣᠭᠠᠨ ᠳᠤ᠂ ᠠᠪᠠᠭ᠎ᠠ ᠬᠤᠰᠢᠭᠤᠨ ᠤ ᠨᠠᠷᠠᠨᠴᠣᠭᠲᠦ  ᠲᠡᠷᠢᠭᠦᠯᠡᠨ᠂  ᠰᠦᠨᠢᠳ ᠪᠠᠷᠠᠭᠤᠨ ᠬᠤᠰᠢᠭᠤᠨ ᠤ ᠵᠢᠷᠭᠠᠯᠠᠩ ᠳᠡᠳ᠋ᠯᠡᠵᠤ᠂ ᠬᠥᠪᠡᠭᠡᠲᠦ ᠰᠢᠷ᠎ᠠ ᠬᠤᠰᠢᠭᠤᠨ ᠤ ᠰᠡᠴᠡᠨᠪᠢᠯᠢᠭ  ᠭᠤᠷᠪᠠᠲᠣᠭᠠᠷ ᠲᠤ  ᠂ ᠰᠢᠯᠤᠭᠤᠨ ᠬᠥᠬᠡ ᠬᠤᠰᠢᠭᠤᠨ ᠤ ᠪᠣᠯᠣᠳ ᠳᠥᠷᠪᠡᠳᠦᠭᠡᠷ ᠲᠤ ᠲᠣᠳᠣᠷᠠᠵᠣ᠂ ᠡᠮᠡᠭᠲᠡᠢ ᠶᠢᠨ ᠬᠤᠪᠢ ᠬᠦᠮᠦᠨ ᠤ ᠰᠠᠷᠠᠨ ᠫᠠᠢ ᠶᠢᠨ ᠣᠷᠣᠯᠳᠣᠭᠠᠨ ᠳᠤ ᠰᠢᠯᠣᠭᠤᠨ ᠬᠥᠪᠡᠭᠡᠲᠦ ᠴᠠᠭᠠᠨ ᠬᠤᠰᠢᠭᠤᠨ ᠤ ᠵᠣᠯᠠᠴᠢᠮᠡᠭ ᠲᠡᠷᠢᠭᠦᠯᠡᠨ᠂ ᠪᠠᠶᠠᠨᠨᠠᠭᠤᠷ ᠠᠶᠢᠮᠠᠭ ᠤᠨ ᠨᠤᠭᠤᠨᠵᠠᠶᠠᠭ᠎ᠠ ᠳᠡᠳ᠋ᠯᠡᠵᠤ᠂ ᠠᠷᠣ ᠬᠤᠷᠴᠢᠨ ᠬᠤᠰᠢᠭᠤᠨ ᠤ ᠭᠤᠸ᠎ᠠ  ᠭᠤᠷᠪᠠᠳᠣᠭᠠᠷ ᠲᠤ  ᠂ ᠪᠠᠷᠠᠭᠤᠨ ᠦᠵᠦᠮᠦᠴᠢᠨ ᠬᠤᠰᠢᠭᠤᠨ  ᠤ ᠮᠣᠣᠬᠥ᠋ᠯᠦᠭᠡ  ᠳᠥᠷᠪᠡᠳᠦᠭᠡᠷ ᠲᠤ ᠲᠣᠳᠣᠷᠠᠨ  ᠂ ᠦᠵᠡᠭᠴᠢ ᠣᠯᠠᠨ ᠢᠶᠠᠨ  ᠪᠠᠶᠠᠰᠬᠠᠵᠣ᠂ ᠰᠡᠳᠬᠢᠯ ᠳᠣᠭᠳᠣᠯᠣᠭᠤᠯᠣᠭᠰᠠᠨ ᠰᠠᠶᠢᠬᠠᠨ ᠣᠷᠣᠯᠳᠣᠭᠠᠨ  ᠪᠣᠯᠣᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号