ᠠᠷᠠᠳ ᠤᠨ ᠶᠡᠭᠡ ᠨᠠᠶᠢᠷ ᠤᠨ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/8/23
ᠠᠷᠠᠳ ᠤᠨ ᠶᠡᠭᠡ ᠨᠠᠶᠢᠷ ᠤᠨ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠥᠨᠳᠥᠷᠯᠡᠪᠡ                             8 ᠰᠠᠷ᠎ᠠ ᠶᠢᠨ 11 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠠᠷᠠᠳ ᠤᠨ ᠶᠡᠭᠡ ᠨᠠᠶᠢᠷ ᠤᠨ ᠮᠣᠩᠭᠤᠯ ᠰᠢᠲᠠᠷ᠎ᠠ ᠶᠢᠨ ᠨᠠᠰᠤᠨ ᠳᠤ ᠭᠦᠷᠦᠭᠰᠡᠳ ᠤᠨ ᠬᠤᠪᠢ ᠬᠥᠮᠥᠨ ᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃
    ᠮᠣᠩᠭᠤᠯ ᠰᠢᠲᠠᠷ᠎ᠠ ᠶᠢᠨ ᠤᠷᠤᠯᠳᠤᠭᠠᠨ ᠤ ᠠᠬᠤᠢ ᠲᠠᠯᠠᠪᠠᠶ ᠳᠤ᠂ ᠤᠷᠤᠯᠳᠤᠭᠠᠨ ᠳᠤ ᠣᠷᠣᠯᠴᠠᠭᠰᠠᠳ ᠰᠢᠲᠠᠷ᠎ᠠ ᠶᠢᠨ ᠶᠠᠪᠤᠭ᠎ᠠ ᠨᠢᠭᠡᠪᠦᠷᠢ ᠶᠢ ᠬᠢᠨᠠᠭᠤᠷ ᠯᠠᠪᠳᠠᠭᠤᠨ  ᠰᠡᠳᠬᠢᠬᠦ ᠶᠢᠨ ᠬᠠᠮᠲᠤ ᠡᠰᠡᠷᠭᠦ ᠲᠠᠯ᠎ᠠ ᠶᠢᠨ ᠢᠶᠠᠨ ᠠᠷᠭ᠎ᠠ ᠳᠡᠮ ᠢ ᠬᠢᠨᠠᠮᠠᠭᠠᠢ ᠠᠵᠢᠵᠤ ᠰᠤᠳᠤᠯᠤᠨ᠂ ᠣᠶᠤᠨ ᠤᠬᠠᠭᠠᠨ ᠡᠷᠴᠢ ᠵᠣᠷᠢᠭ ᠢᠶᠠᠨ ᠪᠠᠳᠠᠷᠠᠭᠤᠯᠤᠨ᠂ ᠮᠣᠩᠭᠤᠯ ᠰᠢᠲᠠᠷ᠎ᠠ ᠶᠢᠨ ᠥᠪᠡᠷᠮᠢᠴᠡ ᠷᠢᠳᠢ ᠰᠢᠳᠢ ᠶᠢ ᠬᠠᠷᠠᠭᠤᠯᠵᠤ ᠪᠠᠶᠢᠯ᠎ᠠ᠃  
 ᠲᠣᠰ ᠤᠳᠠᠭᠠᠨ ᠤ ᠤᠷᠤᠯᠳᠤᠭᠠᠨ ᠨᠢ ᠭᠤᠷᠪᠠᠨ ᠡᠳᠦᠷ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 256 ᠣᠷᠣᠯᠴᠠᠭᠰᠠᠳ ᠣᠷᠣᠯᠴᠠᠵᠠᠢ᠃  ᠬᠤᠷᠴᠠ ᠰᠢᠷᠦᠭᠦᠨ ᠮᠥᠷᠥᠶᠢᠴᠡᠭᠡᠨ ᠢᠶᠠᠷ ᠳᠠᠮᠵᠢᠨ᠂ ᠤᠷᠤᠯᠳᠤᠭᠠᠨ ᠤ ᠳ᠋ᠦᠩ ᠳᠤ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠤ ᠡᠩᠬᠡ ᠲᠡᠷᠢᠭᠦᠨ ᠳᠤ ᠲᠣᠳᠣᠷᠠᠨ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠪᠤᠶᠠᠨᠮᠠᠨᠳᠤᠬᠤ ᠳᠡᠳ᠋ᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠶᠢᠴᠠᠭᠠᠬᠤ ᠬᠤᠷᠢᠶᠠᠨ ᠤ ᠬᠥᠮᠦᠵᠢᠯᠲᠦ ᠭᠤᠷᠪᠠᠳᠤᠭᠠᠷ ᠨᠡᠷ᠎ᠡ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠰᠤᠷᠭᠠᠯᠲᠤ ᠳᠥᠷᠪᠡᠳᠦᠭᠡᠷ ᠨᠡᠷ᠎ᠡ ᠳᠤ ᠲᠣᠳᠣᠷᠠᠭᠰᠠᠨ ᠪᠠᠶᠢᠨ᠎ᠠ᠃    ᠮᠣᠩᠭᠤᠯ ᠰᠢᠲᠠᠷ᠎ᠠ ᠪᠣᠯ ᠲᠠᠯ᠎ᠠ ᠨᠤᠲᠤᠭ ᠲᠤ ᠦᠶ᠎ᠡ ᠤᠯᠠᠷᠢᠨ ᠤᠯᠠᠮᠵᠢᠯᠠᠭᠳᠠᠵᠤ ᠢᠷᠡᠭᠰᠡᠨ ᠰᠣᠶᠣᠯ ᠤᠨ ᠦᠨᠡᠲᠦ ᠡᠷᠳᠡᠨᠢ ᠮᠥᠨ᠃ ᠲᠤᠰ ᠤᠳᠠᠭᠠᠨ ᠤ ᠤᠷᠤᠯᠳᠤᠭᠠᠨ ᠨᠢ ᠦᠨᠳᠦᠰᠦᠲᠡᠨ ᠤ ᠰᠣᠶᠣᠯ ᠤᠨ ᠣᠬᠢ ᠰᠣᠳᠣ ᠶᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠪᠠ ᠨᠢᠭᠲᠠᠷᠠᠯ ᠤᠨ ᠬᠦᠴᠦᠨ ᠢ ᠪᠦᠲᠦᠮᠵᠢᠲᠡᠶ ᠠᠬᠢᠭᠤᠯᠤᠭᠰᠠᠨ ᠢᠶᠠᠷ ᠪᠠᠷᠠᠬᠤ ᠦᠭᠡᠢ‌ᠥᠷᠭᠡᠨ ᠣᠯᠠᠨ ᠲᠦᠮᠡᠨ ᠤ ᠣᠶᠤᠨ ᠰᠠᠨᠠᠭ᠎ᠠ᠂ ᠰᠣᠶᠣᠯ ᠤᠨ ᠠᠮᠢᠳᠤᠷᠠᠯ   ᠢ ᠪᠠᠶᠠᠯᠢᠭᠵᠢᠭᠤᠯᠤᠨ᠂  ᠨᠡᠩ ᠣᠯᠠᠨ ᠰᠢᠲᠠᠷ᠎ᠠ   ᠶᠢᠨ ᠪᠠᠭ᠋ᠠᠲᠠᠳ ᠢ ᠬᠥᠮᠥᠵᠢᠭᠦᠯᠬᠦ ᠳᠤ ᠮᠠᠰᠢ ᠰᠠᠶᠢᠨ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号