1 ᠳ᠋ᠦᠩᠰᠢᠭᠤᠷ ᠲᠥᠭᠦᠷᠢᠭ  ᠤᠨ ᠪᠡᠯᠡ ᠤᠷᠤᠭᠤᠯᠥᠯᠲᠠ ᠲᠠᠢ ᠪᠠᠷᠠᠭᠤᠨ ᠦᠵᠦᠮᠦᠴᠢᠨ ᠬᠤᠰᠢᠭᠤᠨ ᠤ  ᠠᠶᠢᠮᠠᠭ ᠤᠨ ᠲᠠᠰ ᠤᠨ  ᠭᠤᠤᠯᠳᠠᠯᠭ᠎ᠠ ᠲᠠᠢ ᠲᠥᠷᠥᠯ ᠵᠦᠶᠯ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/8/24
1 ᠳ᠋ᠦᠩᠰᠢᠭᠤᠷ ᠲᠥᠭᠦᠷᠢᠭ   ᠤᠨ ᠪᠡᠯᠡ ᠤᠷᠤᠭᠤᠯᠥᠯᠲᠠ ᠲᠠᠢ ᠪᠠᠷᠠᠭᠤᠨ ᠦᠵᠦᠮᠦᠴᠢᠨ ᠬᠤᠰᠢᠭᠤᠨ ᠤ  ᠠᠶᠢᠮᠠᠭ ᠤᠨ ᠲᠠᠰ ᠤᠨ  ᠭᠤᠤᠯᠳᠠᠯᠭ᠎ᠠ ᠲᠠᠢ ᠲᠥᠷᠥᠯ ᠵᠦᠶᠯ ᠵᠢᠩᠬᠢᠨᠢ ᠪᠠᠷ ᠠᠰᠢᠭᠯᠠᠯᠲᠠ ᠳᠤ ᠣᠷᠣᠪᠠ                    ᠪᠠᠷᠠᠭᠤᠨ ᠦᠵᠦᠮᠦᠴᠢᠨ ᠬᠤᠰᠢᠭᠤᠨ ᠤ ᠵᠢᠤᠢ ᠪᠦ᠋ᠦ ᠶᠤᠸᠠᠨ ᠮᠢᠬᠠᠨ ᠤ ᠦᠶᠯᠡᠰ ᠨᠢ ᠠᠶᠢᠮᠠᠭ ᠤᠨ  ᠭᠤᠤᠯᠳᠠᠯᠭ᠎ᠠ ᠲᠠᠢ ᠠᠵᠤ ᠠᠬᠤᠶᠢᠯᠠᠯ  ᠂  ᠮᠦᠨᠴᠦ ᠮᠠᠨ ᠤ  ᠬᠤᠰᠢᠭᠤᠨ   ᠤ ᠠᠷᠠᠯᠵᠢᠶᠠᠴᠢᠨ ᠤᠷᠢᠵᠤ ᠪᠠᠯᠠ  ᠤᠷᠤᠭᠤᠯᠥᠠᠠᠰᠠᠨ ᠲᠥᠷᠥᠯ ᠵᠦᠶᠯ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠲᠣᠰ ᠰᠠᠭᠤᠷᠢᠨ ᠭᠠᠵᠠᠷ ᠢ 2022 ᠣᠨ ᠳᠤ ᠲᠤᠷᠰᠢᠨ ᠡᠵᠡᠩᠨᠡᠵᠦ᠂ 8 ᠰᠠᠷ᠎ᠠ ᠶᠢᠨ 18 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃    ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦ᠋ᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠠᠯ᠎ᠠ ᠨᠤᠲᠤᠭ ᠤᠨ ᠦᠬᠡᠷ ᠬᠤᠨᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠂ ᠬᠤᠪᠢᠶᠠᠷᠢ ᠦᠢᠯᠡᠳᠪᠦᠷᠢ ᠶᠢᠨ ᠲᠠᠰᠤᠭ ᠲᠤ ᠠᠵᠢᠯᠳᠠᠳ ᠨᠢ ᠬᠤᠨᠢ ᠮᠢᠬ᠎ᠠ ᠱᠤᠯᠤᠬᠤ  ᠂  ᠰᠤᠩᠭᠤᠨ ᠭᠡᠰᠡᠭᠯᠡᠵᠦ᠂ ᠪᠤᠭᠤᠳᠠᠯᠯᠠᠨ ᠶᠠᠭᠠᠷᠠᠯᠳᠠᠶᠢᠬᠠᠨ ᠪᠠᠶᠢᠯ᠎ᠠ᠃ ᠺᠤᠮᠫᠠᠨᠢ ᠶᠢᠨ ᠬᠠᠷᠢᠭᠤᠴᠠᠯᠳᠠᠭᠠᠨ ᠤ ᠲᠠᠨᠢᠯᠴᠠᠭᠤᠯᠥᠠᠠᠰᠠᠨ ᠪᠠᠷ ᠡᠳᠦᠷ ᠪᠦᠷᠢ ᠶᠢᠨ 3000 ᠭᠠᠷᠤᠢ ᠬᠤᠨᠢ ᠨᠢᠲᠤᠯᠵᠤ ᠪᠣᠯᠪᠠᠰᠤᠷᠠᠭᠤᠯᠬᠤ  ᠂ ᠡᠭᠦᠨ ᠳᠤ ᠲᠠᠯ᠎ᠠ ᠨᠤᠲᠤᠭ ᠤᠨ ᠦᠬᠡᠷ ᠬᠤᠨᠢ ᠶᠢ ᠨᠢᠲᠤᠯᠵᠤ ᠡᠳ᠋ᠰᠢᠭᠦᠯᠬᠦ᠂ ᠨᠠᠷᠢᠯᠢᠭ ᠡᠳ᠋ᠰᠢᠭᠦᠯᠬᠦ᠂ ᠪᠤᠯᠭᠤᠭᠰᠠᠨ ᠢᠳᠡᠭᠡᠨ ᠢ ᠡᠳ᠋ᠰᠢᠭᠦᠯᠬᠦ ᠶᠢ ᠨᠢᠭᠡ ᠴᠤᠭᠴᠠᠵᠢᠭᠤᠯᠵᠤ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ ᠪᠠᠶᠢᠨ᠎ᠠ᠃ ᠣᠳᠣᠬᠠᠨ ᠳᠤ᠂ ᠦᠶᠯᠡᠳᠪᠦᠷᠢ ᠶᠢᠨ ᠲᠠᠯᠠᠪᠠᠶ ᠨᠢ 3 ᠲᠦᠮᠡ 7 ᠮᠢᠩᠭᠠᠨ ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ ᠵᠢᠯ ᠤᠨ ᠠᠯᠠᠰᠢᠨ ᠬᠤᠨᠢ ᠶᠢ ᠨᠢᠲᠤᠯᠵᠤ ᠪᠣᠯᠪᠠᠰᠤᠷᠠᠭᠤᠯᠬᠤ ᠴᠢᠳᠠᠪᠤᠷᠢ ᠨᠢ 30 ᠲᠦᠮᠡ᠂ ᠠᠯᠠᠰᠢᠨ ᠦᠬᠡᠷ ᠨᠢ 2 ᠲᠦᠮᠡ ᠪᠠᠶᠢᠵᠤ᠂ ᠡᠳᠦᠷ ᠤᠨ ᠬᠥᠯᠳᠡᠭᠡᠬᠦ ᠴᠢᠳᠠᠪᠤᠷᠢ ᠨᠢ 100 ᠲᠣᠨ ᠳᠤ ᠬᠦᠷᠴᠦ᠂ ᠬᠦᠶᠲᠡᠨ / ᠰᠣᠷᠭᠤᠭ ᠬᠥᠮᠥᠷᠭᠡ ᠶᠢᠨ ᠪᠠᠭᠲᠠᠭᠠᠮᠵᠢ ᠨᠢ 3000 ᠲᠣᠨ ᠢ ᠳᠠᠪᠠᠵᠠᠶ᠃    ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦ᠋ᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ︽ᠠᠵᠤ ᠠᠬᠤᠶᠢᠯᠠᠯ + ᠬᠤᠷᠰᠢᠶ᠎ᠠ + ᠮᠠᠯᠵᠢᠬᠤ ᠡᠷᠦᠬᠡ︾ ᠶᠢᠨ ᠠᠷᠭ᠎ᠠ ᠮᠠᠶ᠋ᠢᠭ  ᠶᠢᠨ ᠡᠵᠡᠭᠨᠡᠯᠳᠡ ᠪᠠᠷ ᠮᠠᠯᠴᠢᠳ ᠢ ᠬᠠᠪᠰᠤᠷᠤᠨ ᠣᠷᠣᠯᠭ᠎ᠠ ᠶᠢ ᠨᠢ ᠲᠣᠭᠲᠠᠭᠤᠨ ᠢᠶᠠᠷ  ᠨᠡᠮᠡᠭᠳᠡᠭᠦᠯᠵᠦ ᠪᠤᠢ᠃ ᠲᠤᠰ ᠠᠵᠦ ᠠᠬᠤᠶᠢᠯᠠᠯ ᠤᠨ ᠵᠢᠩᠬᠢᠨᠢ ᠪᠠᠷ ᠠᠰᠢᠭᠯᠠᠯᠲᠠ ᠳᠤ  ᠤᠷᠤᠭᠰᠠᠨ ᠨᠢ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠶ ᠶᠢᠨ ᠠᠵᠤ ᠦᠶᠯᠡᠰ ᠤᠨ ᠪᠦᠲᠦᠴᠡ ᠶᠢ ᠳᠣᠭᠢᠷᠠᠭᠤᠯᠤᠨ ᠲᠠᠰ ᠳᠡᠪᠰᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ᠂ ᠲᠤᠬᠠᠶ ᠶᠢᠨ ᠭᠠᠵᠠᠷ ᠤᠨ ᠨᠠᠩ ᠣᠯᠠᠨ ᠬᠥᠮᠦᠨ ᠤ ᠠᠵᠢᠯ ᠣᠯᠭᠤᠯᠲᠠ ᠶᠢ ᠳᠠᠶᠢᠴᠢᠯᠠᠬᠤ ᠶᠢᠨ ᠬᠠᠮᠲᠤ ᠪᠠᠷᠠᠭᠤᠨ ᠦᠵᠦᠮᠦᠴᠢᠨ ᠬᠤᠰᠢᠭᠤᠨ ᠤ ᠦᠬᠡᠷ ᠬᠤᠨᠢᠨ ᠮᠢᠬᠠᠨ ᠤ ᠠᠵᠤ ᠦᠶᠯᠡᠰ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃   ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠡᠨᠡ ᠵᠢᠯ ᠠᠴᠠ ᠨᠠᠰᠢᠬᠢ  ᠬᠠᠯᠠᠮᠰᠢᠯ ᠠᠰᠠᠭᠤᠳᠠᠯ ᠪᠤᠯᠥᠨ᠎ᠠ᠂ ᠪᠠᠷᠠᠭᠤᠨ ᠦᠵᠦᠮᠦᠴᠢᠨ  ᠬᠤᠰᠢᠭᠤ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ  ᠴᠢᠬᠤᠯᠠ ᠭᠠᠷᠳᠠᠴᠠ ᠪᠣᠯᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠯ ᠪᠠ ᠪᠥᠬᠦ ᠶᠠᠪᠤᠴᠠ ᠶᠢᠨ ᠦᠶᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠲᠥᠷᠥᠯ ᠵᠦᠶᠯ ᠢ ᠲᠦᠷᠭᠡᠨ ᠢᠶᠠᠷ ᠨᠠᠶᠢᠳᠠᠪᠤᠷᠢᠵᠢᠭᠤᠯᠵᠤ᠂ ᠲᠦᠷᠭᠡᠨ ᠢᠶᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠲᠦᠷᠭᠡᠨ ᠢᠶᠠᠷ ᠦᠷ᠎ᠡ ᠪᠦᠲᠦᠮᠵᠢ ᠭᠠᠷᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃᠃   ᠲᠢᠶᠠᠨ ᠶᠦᠩ ᠹᠧᠩ᠄ ︽ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦ᠋ᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠬᠡᠷᠡᠭ  ᠮᠡᠳᠡᠭᠴᠢ ᠵᠢᠨ‌‍ᠲ᠋ᠠᠷᠤᠭ᠎ᠠ  ᠪᠢᠳᠡᠨ ᠤ ᠪᠡᠯᠡᠳᠬᠡᠨ ᠪᠠᠶᠢᠭᠤᠯᠬᠤ ᠶᠠᠪᠤᠴᠠ ᠳᠤ᠂ ᠭᠠᠵᠠᠷ ᠰᠢᠷᠣᠢ ᠶᠢᠨ ᠭᠠᠷ ᠭᠦᠢᠴᠡᠳᠬᠡᠯ ᠤᠨ ᠲᠠᠯ᠎ᠠ ᠪᠠᠷ᠂ ᠵᠠᠰᠠᠭ ᠤᠨ ᠣᠷᠳᠣᠨ ᠠᠴᠠ ᠪᠢᠳᠡᠨ ᠳᠤ  ᠶᠡᠭᠡ ᠲᠡᠮᠵᠢᠯᠭᠡ ᠦᠵᠡᠭᠦᠯᠵᠠᠢ᠃ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠤᠨ ᠴᠢᠷᠮᠠᠶᠢᠯᠭ᠎ᠠ ᠪᠠᠷ ᠳᠡᠮᠵᠢᠨ᠂ ᠵᠠᠰᠠᠭ ᠤᠨ ᠣᠷᠳᠣᠨ ᠤ ᠳᠡᠮᠵᠢᠯᠭᠡ ᠪᠠᠷ ᠳᠡᠮᠵᠢᠨ᠂ ᠦᠵᠦᠮᠦᠴᠢᠨ ᠬᠤᠨᠢᠨ ᠤ ᠡᠨᠡ ᠬᠦ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠬᠡᠷᠡᠭᠯᠡᠭᠴᠢᠳ ᠲᠤ ᠰᠠᠶᠢᠨ ᠮᠢᠬ᠎ᠠ ᠪᠣᠯᠬᠤ ᠶᠢ ᠦᠨᠡᠨ ᠬᠦ ᠮᠡᠳᠡᠭᠦᠯᠬᠦ ᠶᠢᠨ ᠬᠠᠮᠲᠤ  ᠦᠵᠦᠮᠦᠴᠢᠨ ᠬᠤᠨᠢᠨ ᠮᠢᠬ᠎ᠠ ᠢ ᠨᠡᠩ ᠤᠯᠠᠨ ᠵᠠᠬ᠎ᠠ ᠲᠡᠯᠭᠡᠭᠦᠷ ᠲᠤ ᠭᠠᠷᠭᠠᠬᠤ ᠪᠤᠯᠥᠨ᠎ᠠ᠃ᠠᠵᠤ ᠠᠬᠤᠶᠢᠯᠠᠯ ᠬᠡᠪ ᠤᠨ ᠪᠠᠶᠢᠳᠠᠯ ᠢᠶᠠᠷ ᠠᠵᠢᠯᠯᠠᠭᠰᠠᠨ ᠤ ᠲᠠᠷᠠᠭ᠎ᠠ᠂ ᠮᠠᠨ ᠤ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ ᠮᠠᠯᠴᠢᠳ ᠲᠤ ᠲᠤᠯᠭᠠᠷᠠᠭᠰᠠᠨ ᠬᠦᠴᠢᠷᠳᠡᠯ ᠢ ᠰᠢᠢᠳᠪᠦᠷᠢᠯᠡᠵᠦ᠂ ᠮᠠᠯᠴᠢᠨ ᠡᠷᠤᠭᠡ ᠵᠢᠨ‌ᠬᠤᠨᠢ ᠬᠤᠳᠠᠯᠳᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ ᠳᠡᠶᠢᠯᠦᠨ᠎ᠡ᠂ ᠮᠠᠨ ᠤ ᠦᠵᠦᠮᠦᠴᠢᠨ ᠬᠤᠨᠢ ᠲᠡᠵᠢᠭᠡᠨ ᠦᠷᠡᠵᠢᠭᠦᠯᠬᠦ ᠡᠷᠤᠭᠡ ᠳᠤ ᠨᠡᠩ ᠰᠠᠶᠢᠨ  ᠠᠰᠢᠭ ᠬᠦᠷᠳᠡᠭᠡᠬᠦ ᠪᠤᠯᠥᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号