ᠰᠠᠶᠢᠬᠠᠨᠨᠠᠭᠤᠷ ᠭᠠᠴᠠᠭᠠᠨ ᠤ ᠨᠠᠮ ᠤᠨ ᠭᠡᠰᠢᠭᠦᠨ ᠣᠯᠠᠨ ᠲᠦᠮᠡᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ | ᠳᠠᠪᠴᠠᠩ ᠢ ᠠᠰᠢᠭᠯᠠᠨ ᠢᠳᠡᠪᠬᠢᠲᠡᠢ ᠰᠤᠷᠤᠯᠴᠠᠵᠤ ᠪᠣᠢ | | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠭᠠᠴᠠᠭᠠᠨ ᠳᠠᠭᠠᠨ ᠨᠠᠷᠢᠨ ᠬᠢᠨᠠᠮᠠᠭᠠᠢ᠂ ᠭᠦᠨᠵᠡᠭᠡᠢ ᠮᠥᠷᠲᠡᠭᠡᠨ ᠪᠣᠳᠠᠲᠠᠢ ᠰᠤᠷᠤᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ︽ᠰᠤᠷᠤᠯᠴᠠᠯᠭ᠎ᠠ ᠶᠢᠨ | ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠬᠤ ᠶᠢᠨ ᠬᠠᠮᠲᠤ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠢ ᠰᠢᠯᠭᠠᠨ ᠪᠠᠶᠢᠴᠠᠭᠠᠬᠤ ᠶᠢᠨ ᠲᠤᠰᠠᠳᠠ ᠣᠶᠢᠷ᠎ᠠ ᠶᠢᠨ ᠡᠳᠦᠷ᠂ | ᠪᠠᠶᠠᠨᠬᠤᠰᠢᠭᠤ ᠰᠣᠮᠣᠨ ᠤ ᠰᠠᠶᠢᠬᠠᠨᠨᠠᠭᠤᠷ ᠭᠠᠴᠠᠭ᠎ᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠮᠡᠳᠡᠯᠭᠡ ᠶᠢᠨ | ᠤᠷᠤᠯᠳᠤᠭᠠᠨ ᠢ ᠡᠷᠬᠢᠯᠡᠵᠦ᠂ ᠭᠠᠴᠠᠭᠠᠨ ᠤ ᠡᠭᠦᠷ ᠵᠥᠪᠯᠡᠯ ᠤᠨ ᠭᠡᠰᠢᠭᠦᠨ᠂ ᠮᠠᠯᠴᠢᠨ ᠲᠦᠮᠡᠨ ᠨᠡᠶᠢᠲᠡ 40 ᠭᠠᠷᠤᠢ | ᠬᠥᠮᠥᠨ ᠤᠷᠤᠯᠳᠤᠭᠠᠨ ᠳᠤ ᠤᠷᠤᠯᠴᠠᠪᠠ᠃ | ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ | ᠲᠠᠪᠴᠠᠩ ᠤᠨ ᠰᠡᠳᠦᠪ ᠤᠨ ᠬᠥᠮᠥᠷᠭᠡ ᠳᠤ ᠰᠠᠭᠤᠷᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ᠨᠠᠮ ᠤᠨ ᠲᠡᠦᠬᠡ ᠶᠢᠨ ᠮᠡᠳᠡᠯᠭᠡ᠂ | ᠴᠠᠭ ᠤᠨ ᠪᠠᠶᠢᠳᠠᠯ ᠤᠨ ᠤᠯᠤᠰ ᠲᠥᠷᠥ᠂ ᠰᠣᠶᠣᠯ ᠢᠷᠭᠡᠨᠰᠢᠯ ᠨᠡᠶᠢᠭᠡᠮ ᠰᠢᠨᠵᠢᠯᠡᠭᠡ ᠶᠢᠨ ᠶᠡᠷᠦ ᠶᠢᠨ ᠮᠡᠳᠡᠯᠭᠡ | ᠵᠡᠷᠭᠡ ᠶᠢᠨ ᠲᠣᠭᠤᠷᠢᠨ ᠳᠤ ᠰᠡᠳᠦᠪ ᠬᠠᠷᠢᠭᠤᠯᠬᠤ ᠬᠡᠯᠪᠡᠷᠢ ᠪᠠᠷ ᠶᠠᠪᠤᠭᠳᠠᠭᠤᠯᠵᠠᠢ᠃ | ᠤᠷᠤᠯᠳᠤᠭᠠᠨ ᠤ ᠠᠬᠤᠢ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠳ ᠠᠩᠬᠠᠷᠤᠯ ᠢᠶᠠᠨ ᠲᠥᠪᠯᠡᠷᠡᠭᠦᠯᠦᠨ | ᠢᠳᠡᠪᠬᠢᠲᠡᠢ ᠬᠠᠷᠢᠭᠤᠯᠵᠤ᠂ ᠡᠯᠪᠡᠭ ᠪᠠᠶᠠᠯᠢᠭ ᠮᠡᠳᠡᠯᠭᠡ ᠶᠢᠨ ᠬᠤᠷᠠᠮᠳᠤᠭᠤᠯᠤᠯ ᠪᠣᠯᠣᠨ ᠰᠠᠶᠢᠨ ᠰᠠᠶᠢᠬᠠᠨ | ᠤᠷᠤᠯᠳᠤᠭᠠᠨ ᠤ ᠵᠣᠷᠢᠭ ᠰᠠᠨᠠᠭ᠎ᠠ ᠶᠢ ᠬᠠᠷᠠᠭᠤᠯᠵᠠᠢ᠃ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠨᠠᠷᠠᠨᠨᠠᠪᠴᠢ᠄ | ︽ᠭᠠᠴᠠᠭᠠᠨ ᠠᠴᠠ ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠳᠤ ᠣᠷᠣᠯᠴᠠᠬᠤ ᠲᠣᠬᠢᠶᠠᠯ ᠣᠯᠭᠤᠭᠰᠠᠨ ᠳᠤ | ᠮᠠᠰᠢ ᠲᠠᠯᠠᠷᠬᠠᠵᠤ ᠪᠠᠶᠢᠨ᠎ᠠ᠂ ᠬᠤᠶᠢᠰᠢᠳᠠ ︿ᠰᠤᠷᠤᠯᠴᠠᠯᠭ᠎ᠠ ᠶᠢᠨ ᠬᠦᠴᠦᠷᠬᠡᠭ ᠤᠯᠤᠰ﹀ ᠲᠠᠪᠴᠠᠩ ᠢ ᠨᠡᠩ ᠰᠠᠶᠢᠨ | ᠠᠰᠢᠭᠯᠠᠵᠤ᠂ ᠪᠠᠶᠢᠩᠭᠤ ᠰᠤᠷᠤᠯᠴᠠᠨ ᠰᠢᠨ᠎ᠡ ᠶᠢ ᠡᠭᠦᠳᠴᠦ᠂ ᠢᠳᠡᠪᠬᠢᠲᠡᠢ ᠰᠡᠳᠬᠢᠵᠦ ᠥᠪᠡᠷ ᠢ ᠪᠠᠨ | ᠳᠡᠭᠡᠭᠰᠢᠯᠡᠭᠦᠯᠦᠨ᠎ᠡ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ | ᠰᠠᠶᠢᠬᠠᠨᠨᠠᠭᠤᠷ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠠᠯᠢᠶ᠎ᠠ ᠢᠯᠡᠷᠬᠡᠶᠢᠯᠡᠬᠦ ᠳᠡᠭᠡᠨ᠄ ︽ᠲᠣᠰ | ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ᠭᠠᠴᠠᠭᠠᠨ ᠤ ᠨᠠᠮ ᠤᠨ ᠭᠡᠰᠢᠭᠦᠨ ᠣᠯᠠᠨ ᠲᠦᠮᠡᠨ ᠤ ᠡᠳᠦᠷ | ᠲᠤᠲᠤᠮ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠭᠰᠠᠨ ᠢᠶᠠᠷ ᠪᠠᠷᠠᠬᠤ ᠦᠭᠡᠢ ᠪᠠᠰᠠ ᠰᠤᠷᠤᠯᠴᠠᠬᠤ | ᠤᠬᠠᠮᠰᠠᠷ ᠢ ᠨᠢ ᠴᠢᠩᠭᠠᠳᠬᠠᠵᠤ᠂ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠨᠢ ᠴᠢᠩᠭᠠᠳᠬᠠᠭᠰᠠᠨ | ᠪᠠᠶᠢᠨ᠎ᠠ᠃ ᠳᠠᠷᠠᠭ᠎ᠠ ᠠᠯᠬᠤᠮ ᠳᠤ᠂ ᠰᠠᠶᠢᠬᠠᠨᠨᠠᠭᠤᠷ ᠭᠠᠴᠠᠭᠠᠨ ᠤ ᠨᠠᠮ ᠤᠨ ᠡᠭᠦᠷ ᠨᠢ ︿ᠰᠤᠷᠤᠯᠴᠠᠯᠭ᠎ᠠ ᠶᠢᠨ | ᠬᠦᠴᠦᠷᠬᠡᠭ ᠤᠯᠤᠰ﹀ ᠲᠠᠪᠴᠠᠩ ᠢ ᠭᠦᠢᠴᠡᠳ ᠠᠰᠢᠭᠯᠠᠵᠤ᠂ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ | ᠳᠠᠭᠠᠭᠤᠯᠵᠤ ᠰᠤᠷᠤᠯᠴᠠᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠨ᠂ ᠦᠷᠭᠦᠯᠵᠢᠯᠡᠨ ᠰᠤᠷᠤᠯᠴᠠᠬᠤ ᠪᠠᠷ | ᠳᠠᠮᠵᠢᠭᠤᠯᠤᠨ ᠨᠠᠮ ᠤᠨ ᠲᠡᠷᠢᠭᠦᠨ ᠤ ᠴᠢᠨᠠᠷ ᠢ ᠪᠠᠲᠤᠯᠠᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠤ | ᠡᠯ᠎ᠡ ᠲᠠᠯ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠠᠯᠴᠢᠳ ᠲᠤ ᠨᠡᠩ ᠰᠠᠶᠢᠨ ᠦᠢᠯᠡᠴᠢᠯᠡᠭᠦᠯᠦᠨ᠎ᠡ︾ ᠭᠡᠵᠡᠢ᠃ | ᠣᠶᠢᠯᠠᠭᠠᠭᠰᠠᠨ ᠢᠶᠠᠷ᠂ ᠪᠠᠶᠠᠨᠬᠤᠰᠢᠭᠤ ᠰᠤᠮᠤᠨ ᠤ ᠰᠠᠶᠢᠬᠠᠨᠨᠠᠭᠤᠷ ᠭᠠᠴᠠᠭᠠᠨ ᠤ ᠨᠠᠮ ᠤᠨ ᠡᠭᠦᠷ ᠨᠢ ︽ | ᠰᠤᠷᠤᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠤᠨ ᠠᠰᠢᠭᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠲᠤᠰ ᠳᠠᠪᠴᠠᠩ ᠢ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠴᠢᠬᠤᠯᠠ ᠠᠴᠢᠶᠠᠯᠠᠪᠤᠷᠢ | ᠪᠣᠯᠭᠠᠨ᠂ ᠬᠤᠷᠠᠯ᠂ ᠸᠢᠴᠠᠲ ᠬᠤᠯᠪᠣᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠭᠠᠴᠠᠭᠠᠨ ᠤ ᠢᠶᠠᠨ ᠪᠦᠬᠦ | ᠨᠠᠮ ᠤᠨ ᠭᠡᠰᠢᠭᠦᠨ ᠤᠯᠠᠨ ᠲᠦᠮᠡᠨ ᠳᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠰᠤᠷᠤᠯᠴᠠᠨ | ᠳᠡᠯᠭᠡᠷᠡᠭᠦᠯᠬᠦ ᠶᠢ ᠤᠬᠠᠭᠤᠯᠬᠤ ᠶᠢᠨ ᠬᠠᠮᠲᠤ ᠠᠵᠢᠯᠯᠠᠭᠠᠨ ᠤ ᠶᠠᠪᠤᠴᠠ ᠶᠢ ᠨᠢ ᠨᠠᠷᠢᠨ ᠲᠠᠶᠢᠯᠪᠤᠷᠢᠯᠠᠵᠤ᠂ ︽ | ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠪᠠᠭᠤᠯᠭᠠᠨ ᠠᠪᠴᠤ ᠬᠡᠷᠡᠭᠯᠡᠬᠦ ᠶᠢ ᠳᠠᠶᠢᠴᠢᠯᠠᠭᠰᠠᠨ ᠪᠠᠶᠢᠨ᠎ᠠ᠃ | ᠡᠭᠦᠨ ᠤ ᠬᠠᠮᠲᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠭᠰᠠᠨ ᠠᠷᠭ᠎ᠠ | ᠬᠡᠯᠪᠡᠷᠢ ᠪᠠᠷ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ︽ᠭᠠᠷ ᠤᠲᠠᠰᠤᠨ ᠤ ᠳᠡᠯᠭᠡᠴᠡ︾ ᠠᠴᠠ ︽ | ᠤᠯᠠᠨ ᠲᠦᠮᠡᠨ ᠤ ᠳᠡᠷᠭᠡᠳᠡ︾ ᠬᠦᠷᠲᠡᠯ᠎ᠡ ᠳᠡᠯᠭᠡᠷᠡᠭᠦᠯᠵᠦ᠂ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠲᠠᠢ ᠤᠶᠠᠯᠳᠤᠭᠤᠯᠤᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠰᠦᠯᠵᠢᠶᠡᠨ ᠭᠠᠳᠠᠨ᠎ᠠ | ᠳᠡᠯᠭᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ | ᠨᠥᠯᠥᠭᠡᠯᠡᠬᠦ ᠬᠦᠴᠦᠨ᠂ ᠬᠠᠮᠤᠷᠬᠤ ᠬᠡᠪᠴᠢᠶ᠎ᠡ ᠪᠠ ᠬᠡᠷᠡᠭᠯᠡᠯᠲᠡ ᠶᠢᠨ ᠨᠤᠷᠮ᠎ᠠ ᠶᠢ ᠲᠠᠰᠤᠷᠠᠯᠳᠡ ᠦᠭᠡᠢ ᠥᠷᠭᠡᠳᠬᠡᠪᠡ᠃ | ᠭᠠᠴᠠᠭᠠᠨ ᠳᠠᠭᠠᠨ ᠰᠠᠷ᠎ᠠ ᠪᠦᠷᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠮᠡᠳᠡᠯᠭᠡ ᠶᠢᠨ ᠤᠷᠤᠯᠳᠤᠭᠠᠨ ᠢ | ᠥᠷᠨᠢᠭᠦᠯᠬᠦ ᠶᠢᠨ ᠬᠠᠮᠲᠤ᠂ ︽ᠰᠤᠷᠤᠯᠭ᠎ᠠ ᠶᠢᠨ ᠣᠳᠣᠨ︾ ᠢ ᠠᠳᠠᠯᠢᠳᠬᠠᠨ ᠰᠢᠯᠭᠠᠷᠠᠭᠤᠯᠵᠤ᠂ ᠨᠠᠮ ᠤᠨ ᠭᠡᠰᠢᠭᠦᠨ | ᠣᠯᠠᠨ ᠲᠦᠮᠡᠨ ᠤ ᠨᠢᠭᠡ ᠰᠠᠷ᠎ᠠ ᠪᠠ ᠨᠢᠭᠡ ᠵᠢᠯ ᠤᠨ ᠰᠤᠷᠤᠯᠴᠠᠭᠰᠠᠨ ᠬᠤᠷᠠᠮᠳᠤᠯ ᠬᠤᠪᠢ ᠶᠢᠨ ᠪᠠᠶᠢᠳᠠᠯ ᠢ ᠨᠢ | ᠦᠨᠳᠦᠰᠦᠯᠡᠨ ᠠᠳᠠᠯᠢᠳᠬᠠᠨ ᠰᠢᠯᠭᠠᠷᠠᠭᠤᠯᠵᠤ᠂ ᠰᠠᠷ᠎ᠠ ᠶᠢᠨ ᠰᠢᠯᠭᠠᠷᠠᠭᠤᠯᠤᠯᠲᠠ ᠳᠤ ᠡᠮᠦᠨ᠎ᠡ ᠭᠤᠷᠪᠠᠨ ᠨᠡᠷ᠎ᠡ ᠳᠤ | ᠵᠢᠭᠰᠠᠭᠠᠭᠳᠠᠭᠰᠠᠨ ᠵᠢᠴᠢ ᠣᠨ ᠤ ᠰᠢᠯᠭᠠᠷᠠᠭᠤᠯᠤᠯᠲᠠ ᠳᠤ ᠡᠮᠦᠨ᠎ᠡ ᠭᠤᠷᠪᠠᠨ ᠨᠡᠷ᠎ᠡ ᠳᠤ ᠵᠢᠭᠰᠠᠭᠠᠭᠳᠠᠭᠰᠠᠨ | ᠰᠤᠷᠤᠯᠴᠠᠭᠴᠢ ᠶᠢ ᠰᠠᠶᠢᠰᠢᠶᠠᠨ ᠬᠥᠬᠢᠭᠦᠯᠵᠦ᠂ ᠭᠠᠴᠠᠭᠠᠨ ᠤ ᠪᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ︽ | ᠰᠤᠷᠤᠯᠴᠠᠭ᠎ᠠ ᠶᠢᠨ ᠬᠦᠴᠦᠷᠬᠡᠭ ᠤᠯᠤᠰ︾ ᠳᠠᠪᠴᠠᠩ ᠳᠤ ᠰᠤᠷᠤᠯᠴᠠᠬᠤ ᠰᠠᠨᠠᠭᠠᠴᠢᠯᠠᠭᠠᠲᠤ ᠴᠢᠨᠠᠷ ᠪᠠ | ᠢᠳᠡᠪᠬᠢᠵᠢᠯ ᠢ ᠪᠥᠬᠦ ᠲᠠᠯ᠎ᠠ ᠪᠠᠷ ᠳᠠᠶᠢᠴᠢᠯᠠᠨ᠂ ᠰᠤᠷᠤᠯᠴᠠᠬᠤ ᠤᠷᠮ᠎ᠠ ᠰᠡᠳᠬᠢᠯᠭᠡ ᠶᠢ ᠨᠢ ᠤᠯᠠᠮ ᠴᠢᠨᠠᠭᠰᠢᠳᠠ | ᠬᠥᠭᠵᠢᠭᠡᠪᠡ᠃ | ᠤᠳᠤ ᠪᠤᠯᠬᠤ ᠳᠤ᠂ ᠡᠳᠦᠷ ᠪᠦᠷᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠳᠠᠪᠴᠠᠩ ᠳᠤ | ᠰᠤᠷᠤᠯᠴᠠᠬᠤ ᠨᠢ ᠰᠠᠶᠢᠬᠠᠨᠨᠠᠭᠤᠷ ᠭᠠᠴᠠᠭᠠᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠨᠢᠭᠡᠪᠦᠷᠢ ᠶᠢᠨ ᠳᠠᠳᠬᠠᠯ | ᠪᠣᠯᠣᠨ ᠬᠡᠪᠰᠢᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠭᠠᠴᠠᠭᠠᠨ ᠤ ︽ᠰᠤᠷᠤᠯᠴᠠᠯᠭ᠎ᠠ ᠶᠢᠨ ᠬᠦᠴᠦᠷᠬᠡᠭ | ᠤᠯᠤᠰ︾ ᠲᠠᠪᠴᠠᠩ ᠳᠤ ᠢᠳᠡᠪᠬᠢᠲᠡᠢ ᠰᠤᠷᠤᠯᠴᠠᠵᠤ ᠪᠠᠶᠢᠭ᠎ᠠ ᠨᠠᠮ ᠤᠨ ᠭᠡᠰᠢᠭᠦᠨ ᠣᠯᠠᠨ ᠲᠦᠮᠡᠨ 30 ᠬᠦᠮᠦᠨ | ᠪᠠᠶᠢᠵᠤ᠂ ᠢᠳᠡᠪᠬᠢᠲᠡᠢ ᠣᠷᠣᠯᠴᠠᠭᠰᠠᠨ ᠬᠡᠮᠵᠢᠶ᠎ᠡ ᠨᠢ 100% ᠳᠤ ᠬᠦᠷᠴᠦ᠂ ᠡᠳᠦᠷ ᠪᠦᠷᠢ ᠶᠢᠨ ᠬᠥᠮᠥᠨ | ᠪᠦᠷᠢ ᠳᠤ ᠳᠡᠭᠰᠢᠳᠬᠡᠭᠰᠡᠨ ᠬᠤᠪᠢ ᠨᠢ 40 ᠬᠤᠪᠢ ᠠᠴᠠ ᠳᠡᠭᠡᠭᠰᠢ ᠪᠣᠯᠤᠭᠰᠠᠨ ᠪᠠᠶᠢᠨ᠎ᠠ᠃ |