ᠰᠢᠯᠢ ᠶᠢᠨ ᠭᠤᠤᠯ ᠠᠶᠢᠮᠠᠭ ᠤᠨ ︽ᠡᠨᠡᠷᠢᠩᠭᠦᠢ ᠠᠨᠢᠶ᠎ᠠ︾ ᠬᠡᠦᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠬᠤ | ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ | ᠠᠩᠭᠢ ᠶᠢᠨ ᠭᠡᠰᠢᠭᠦᠨ ᠡᠯᠰᠡᠬᠦ ᠶᠣᠰᠣᠯᠠᠯ ᠶᠠᠪᠤᠭᠳᠠᠪᠠ | | ᠦᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ | ᠴᠠᠭᠠᠨ ᠠᠳᠤᠭᠤ︾ ᠰᠣᠶᠣᠯ ᠤᠨ ᠬᠦᠷᠢᠶᠡᠯᠡᠩ ᠳᠤ ᠰᠢᠯᠢ ᠶᠢᠨ ᠭᠤᠤᠯ ᠠᠶᠢᠮᠠᠭ ᠤᠨ ︽ᠡᠨᠡᠷᠢᠩᠭᠦᠢ ᠠᠨᠢᠶ᠎ᠠ︾ | ᠬᠡᠦᠬᠡᠳ ᠪᠠᠭᠠᠴᠤᠳ ᠢ ᠬᠠᠶᠢᠷᠠᠯᠠᠨ ᠬᠠᠯᠠᠮᠵᠢᠯᠠᠬᠤ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠤᠨ | ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠠᠩᠭᠢ ᠶᠢᠨ ᠭᠡᠰᠢᠭᠦᠨ ᠡᠯᠰᠡᠬᠦ ᠶᠣᠰᠣᠯᠠᠯ ᠶᠠᠪᠤᠭᠳᠠᠭᠤᠯᠪᠠ᠃ | ᠶᠣᠰᠣᠯᠠᠯ ᠳᠤ᠂ ᠡᠯ᠎ᠡ ᠰᠤᠮᠤ ᠪᠠᠯᠭᠠᠰᠤ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠺᠠᠳ᠋ᠷ᠂ | ︽ᠬᠠᠮᠤᠭ ᠤᠨ ᠭᠤᠶᠣ ᠬᠡᠷ ᠪᠦᠯᠢ︾᠂ ︽ᠲᠠᠪᠤᠨ ᠰᠠᠶᠢᠲᠠᠶ ᠬᠡᠷ ᠪᠦᠯᠢ︾᠂ ᠨᠡᠶᠢᠭᠡᠮ ᠤᠨ ᠬᠠᠯᠠᠭᠤᠨ ᠰᠡᠳᠬᠢᠯᠳᠤ | ᠬᠥᠮᠦᠰ ᠵᠡᠷᠭᠡ ᠡᠯ᠎ᠡ ᠹᠷᠤᠨᠲ ᠠᠴᠠ ᠬᠦᠷᠦᠯᠴᠡᠨ ᠢᠷᠡᠭᠰᠡᠨ 70 ︽ᠡᠨᠡᠷᠢᠩᠭᠦᠢ ᠠᠨᠢᠶ᠎ᠠ︾ ᠨᠠᠷ ᠰᠠᠶᠢᠨ ᠲᠤᠷ᠎ᠠ | ᠠᠴᠠ ᠪᠠᠨ ᠲᠤᠰ ᠪᠦᠯᠬᠦᠮ ᠤᠨ ᠭᠡᠰᠢᠭᠦᠨ ᠪᠤᠯᠤᠭᠰᠠᠨ ᠪᠠᠶᠢᠨ᠎ᠠ᠃ ᠬᠤᠰᠢᠭᠤ ᠡᠮᠡᠭᠲᠡᠶᠢᠴᠦᠳ ᠤᠨ ᠬᠤᠯᠪᠤᠭᠠᠲᠤ | ᠬᠤᠷᠠᠯ ᠨᠢ ᠡᠳᠡᠭᠡᠷ ︽ᠡᠨᠡᠷᠢᠩᠭᠦᠢ ᠠᠨᠢᠶ᠎ᠠ︾ ᠲᠤ ᠦᠨᠡᠮᠯᠡᠯ ᠣᠯᠭᠤᠵᠤ᠂ ᠲᠠᠯᠠᠷᠬᠠᠯ ᠤᠨ ᠰᠡᠳᠬᠢᠯᠭᠡ ᠪᠠᠨ | ᠢᠯᠡᠳᠭᠡᠪᠡ᠃ | ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠳᠠᠨ ᠠᠴᠠ ᠲᠤᠰ ᠪᠦᠯᠬᠦᠮ ᠳᠤ | ᠣᠷᠤᠯᠴᠠᠭᠰᠠᠨ ︽ᠡᠨᠡᠷᠢᠩᠭᠦᠢ ᠠᠨᠢᠶ᠎ᠠ︾ ᠨᠠᠷ 1 + 1 ᠪᠤᠶᠤ 1 + N ᠠᠷᠭ᠎ᠠ ᠬᠡᠯᠪᠡᠷᠢ ᠪᠠᠷ ᠳᠠᠮᠵᠢᠭᠤᠯᠤᠨ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠡᠳᠬᠢᠴᠡ ᠶᠢᠨ ᠵᠢᠯᠣᠭᠤᠳᠣᠯᠭ᠎ᠠ᠂ ᠬᠡᠷ ᠪᠦᠯᠢ ᠶᠢᠨ ᠬᠥᠮᠦᠵᠢᠯ᠂ | ᠬᠢᠴᠢᠶᠡᠯ ᠰᠤᠷᠤᠯᠭ᠎ᠠ ᠶᠢᠨ ᠬᠠᠪᠰᠤᠷᠤᠨ ᠵᠢᠯᠣᠭᠤᠳᠣᠯᠭ᠎ᠠ ᠵᠡᠷᠭᠡ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠵᠤ᠂ | ᠠᠮᠢᠳᠤᠷᠠᠯ᠂ ᠰᠤᠷᠤᠯᠭ᠎ᠠ ᠳᠤᠨᠢ ᠦᠮᠦᠭ ᠲᠦᠰᠢᠭ ᠨᠢ ᠪᠤᠯᠵᠤ᠂ ᠲᠡᠳᠡᠨ ᠳᠤ ᠨᠡᠶᠢᠭᠡᠮ ᠨᠡᠶᠢᠲᠡ ᠶᠢᠨ ᠬᠠᠶᠢᠷ᠎ᠠ | ᠬᠠᠯᠠᠮᠵᠢ ᠶᠢ ᠬᠦᠷᠲᠡᠭᠡᠬᠦ ᠶᠢ ᠬᠦᠰᠡᠮᠵᠢᠯᠡᠭᠰᠡᠨ ᠪᠠᠶᠢᠨ᠎ᠠ᠃ | ᠬᠤᠶᠢᠰᠢᠳᠠ ᠶᠢᠨ ᠠᠵᠢᠯ ᠲᠤᠮᠳᠠ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠨᠢ ᠪᠦᠬᠦ ᠬᠤᠰᠢᠭᠤᠨ ᠤ ᠤᠳᠤᠬᠠᠨ ᠪᠠᠶᠢᠭ᠎ᠠ 400 ᠨᠡᠷᠡᠰ ︽ᠡᠨᠡᠷᠢᠩᠭᠦᠢ ᠠᠨᠢᠶ᠎ᠠ︾ ᠪᠠᠨ ᠤᠯᠠᠮ | ᠴᠢᠨᠠᠭᠰᠢᠳᠠ ᠲᠦᠷᠢᠮᠵᠢᠭᠦᠯᠵᠤ᠂ ᠬᠡᠦᠬᠡᠳ ᠢ ᠬᠠᠶᠢᠷᠠᠯᠠᠨ ᠬᠠᠯᠠᠮᠵᠢᠯᠠᠬᠤ ᠠᠵᠢᠯ ᠢ ᠦᠷᠭᠦᠯᠵᠢᠳᠡ ᠬᠢᠵᠦ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠤᠯᠭᠠᠨ᠂ ᠬᠡᠦᠬᠡᠳ ᠢ ᠬᠠᠶᠢᠷᠠᠯᠠᠨ ᠬᠠᠯᠠᠮᠵᠢᠯᠠᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠡᠯ᠎ᠡ ᠱᠠᠲᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠤᠯᠤᠨ᠎ᠠ᠃ | |