ᠪᠠᠷᠠᠭᠤᠨ ᠦᠵᠦᠮᠦᠴᠢᠨ ᠬᠤᠰᠢᠭᠤ ᠬᠠᠥᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2023/8/29
 ᠪᠠᠷᠠᠭᠤᠨ ᠦᠵᠦᠮᠦᠴᠢᠨ ᠬᠤᠰᠢᠭᠤ ᠬᠠᠥᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ ᠪᠣᠶ                                 ᠪᠥᠬᠦ ᠬᠤᠰᠢᠭᠤᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤ  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠯᠢᠭ ᠤᠨᠤᠪᠴᠢᠲᠠᠢ ᠲᠤᠬᠢᠷᠠᠭᠤᠯᠥᠯᠲᠠ  ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠪᠠ᠃
 ᠬᠤᠰᠢᠭᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠲᠤᠤᠷ᠎ᠠ ᠪᠠᠶᠠᠨᠬᠤᠸᠠ ᠪᠠᠯᠭᠠᠰᠤ ᠪᠠ ᠪᠠᠶᠠᠩᠬᠤᠸᠠ ᠠᠵᠤ ᠠᠬᠤᠶ  ᠶᠢᠨ ᠨᠡᠭᠡᠭᠡᠯᠲᠡ ᠶᠢᠨ ᠲᠣᠭᠤᠷᠢᠭ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠭᠤᠶᠢᠯᠠᠩ ᠤᠨ ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠲᠣᠭᠲᠠᠭᠠᠯ ᠢ ᠪᠠᠷᠢᠮᠲᠠᠯᠠᠨ᠂ ᠬᠠᠤᠯᠢ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢ ᠨᠤᠷᠠᠭᠠᠬᠤ ᠠᠵᠢᠯ ᠢ ᠠᠯᠬᠤᠮ ᠠᠯᠬᠤᠮ ᠢᠶᠠᠷ  ᠬᠦᠴᠦᠲᠠᠢ ᠠᠬᠢᠭᠤᠯᠥᠠᠠᠰᠠᠨ ᠪᠠᠶᠢᠨ᠎ᠠ᠃ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠪᠠᠶᠠᠩᠬᠤᠸᠠ  ᠪᠠᠯᠭᠠᠰᠤᠨ ᠤ ᠠᠯᠳᠠᠡᠬᠢᠨᠭᠭᠠᠨ ᠭᠠᠴᠠᠭᠠᠨ ᠤ ᠮᠠᠯᠴᠢᠨ ᠡᠷᠦᠬᠡ ᠬᠢᠨᠠᠨ ᠵᠥᠪᠰᠢᠶᠡᠷᠡᠭᠦᠯᠦᠭᠰᠡᠨ ᠥᠬᠡᠶ ᠪᠠᠷ ᠨᠤᠲᠤᠭ ᠪᠡᠯᠴᠢᠭᠡᠷ ᠲᠡᠭᠡᠨ ᠳᠤᠷ᠎ᠠ ᠪᠠᠷ ᠢᠶᠠᠨ ᠪᠠᠷᠢᠯᠭ᠎ᠠ ᠶᠢᠨ ᠵᠦᠶᠯ ᠪᠠᠷᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠬᠠᠤᠯᠢ ᠶᠣᠰᠣᠭᠠᠷ ᠬᠤᠭᠤᠴᠠᠭ᠎ᠠ ᠬᠢᠵᠠᠭᠠᠷᠯᠠᠨ ᠨᠤᠷᠠᠭᠠᠯᠭᠠᠬᠤ ᠲᠣᠭᠲᠠᠭᠠᠯ ᠭᠠᠷᠭᠠᠭᠰᠠᠨ ᠪᠥᠭᠡᠳ ᠣᠯᠠᠨ ᠤᠳᠠᠭ᠎ᠠ ᠰᠢᠪᠠᠳᠠᠨ ᠮᠡᠳᠡᠭᠳᠡᠭᠰᠡᠨ ᠪᠣᠯᠪᠠᠴᠤ ᠲᠤᠬᠠᠶ ᠶᠢᠨ ᠬᠥᠮᠦᠨ ᠮᠥᠨ ᠬᠦ ᠲᠣᠭᠲᠠᠭᠠᠯ ᠤᠨ ᠪᠢᠴᠢᠭ ᠲᠤ ᠲᠣᠭᠲᠠᠭᠠᠭᠰᠠᠨ ᠡᠭᠦᠷᠭᠡ  ᠪᠠᠨ ᠭᠦᠶᠴᠡᠳᠬᠡᠬᠦ ᠶᠢ ᠲᠡᠪᠴᠢᠭᠰᠡᠨ ᠪᠠᠶᠢᠨ᠎ᠠ᠃
  8 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ᠬᠠᠤᠯᠢ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠣᠰ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠬᠠᠮᠲᠤᠷᠠᠨ ᠬᠥᠳᠡᠯᠦᠯᠴᠡᠵᠦ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠦᠭᠰᠡᠨ ᠥᠬᠡᠶ ᠪᠠᠷ ᠪᠠᠷᠢᠭᠰᠠᠨ 9 ᠪᠠᠷᠢᠯᠭ᠎ᠠ ᠶᠢ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠭᠰᠠᠨ ᠪᠠᠶᠢᠨ᠎ᠠ᠃     ᠰᠠᠨᠠᠭᠤᠯᠤᠮᠵᠢ᠄ ᠥᠷᠭᠡᠨ ᠣᠯᠠᠨ ᠲᠦᠮᠡᠨ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ  ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠬᠢᠬᠦ ᠬᠡᠷᠡᠭᠲᠡᠶ᠃ ᠬᠡᠷᠪᠡ ᠬᠠᠮᠢᠶ᠎ᠠ ᠪᠥᠬᠦᠶ ᠭᠠᠷᠳᠠᠮ ᠢ ᠭᠦᠶᠴᠡᠳᠬᠡᠭᠰᠡᠨ ᠥᠬᠡᠶ ᠪᠠᠷ ᠳᠤᠷ᠎ᠠ ᠪᠠᠷ ᠢᠶᠠᠨ ᠪᠠᠷᠢᠯᠭ᠎ᠠ᠂ ᠪᠠᠷᠢᠯᠭ᠎ᠠ ᠶᠢᠨ ᠵᠦᠶᠯᠡᠰ ᠢ ᠪᠥᠲᠥᠭᠡᠨ ᠪᠠᠶᠢᠭᠤᠯᠬᠤ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ᠃ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠠᠯᠪᠠᠳᠠᠯᠭ᠎ᠠ ᠪᠠᠷ ᠨᠤᠷᠠᠭᠠᠨ᠎ᠠ᠂ ᠡᠶᠢᠮᠦ ᠠᠴᠠ ᠡᠷᠬᠡᠪᠰᠢ ᠬᠠᠤᠯᠢ ᠶᠣᠰᠣᠭᠠᠷ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠵᠡᠷᠭᠡ ᠶᠢ ᠭᠦᠢᠴᠡᠳᠬᠡᠬᠦ ᠬᠡᠷᠡᠭᠲᠡᠶ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号