2023 ᠣᠨ ᠤ ᠪᠠᠷᠠᠭᠤᠨ ᠦᠵᠦᠮᠦᠴᠢᠨ ᠬᠤᠰᠢᠭᠤᠨ ᠤ ᠴᠡᠷᠢᠭ ᠡᠯᠰᠡᠬᠦ ᠮᠡᠳᠡᠭᠳᠡᠯ
ᠨᠡᠶᠢᠲᠡᠯᠡᠭᠰᠡᠨ ᠴᠠᠭ᠄
2023/8/3
 2023 ᠣᠨ ᠤ ᠪᠠᠷᠠᠭᠤᠨ ᠦᠵᠦᠮᠦᠴᠢᠨ ᠬᠤᠰᠢᠭᠤᠨ ᠤ ᠴᠡᠷᠢᠭ ᠡᠯᠰᠡᠬᠦ ᠮᠡᠳᠡᠭᠳᠡᠯ  2023 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠨᠢᠭᠡᠨᠲᠡ ᠪᠥᠬᠦ ᠲᠠᠯ᠎ᠠ ᠪᠠᠷ ᠡᠬᠢᠯᠡᠪᠡ᠃ ᠡᠳᠦᠭᠡ ᠮᠠᠨ ᠤ ᠬᠤᠰᠢᠭᠤᠨ ᠤ ᠴᠡᠷᠢᠭ ᠡᠯᠰᠡᠬᠦ ᠠᠵᠢᠯ ᠤᠨ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄  ★ ᠨᠡᠷ᠎ᠡ ᠮᠡᠳᠡᠭᠦᠯᠬᠦ ᠴᠠᠭ   ᠪᠥᠬᠦ ᠤᠯᠤᠰ ᠤᠨ ᠳᠣᠣᠷ᠎ᠠ ᠬᠠᠭᠠᠰ ᠵᠢᠯ ᠤᠨ ᠴᠡᠷᠢᠭ ︵ᠡᠷᠡᠭᠲᠡᠢ ᠴᠡᠷᠢᠭ︶ ᠡᠯᠰᠡᠬᠦ ᠳᠤ ᠨᠡᠷ᠎ᠡ ᠮᠡᠳᠡᠭᠦᠯᠬᠦ ᠴᠠᠭ ᠢ 2023 ᠣᠨ ᠤ 8 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ  ᠬᠢᠵᠠᠭᠠᠷᠯᠠᠪᠠ  ᠃   ᠴᠡᠷᠢᠭ ᠲᠤ ᠡᠯᠰᠡᠬᠦ ᠡᠲᠡᠭᠡᠳ ᠵᠢᠴᠢ ᠨᠠᠰᠤ ᠵᠢᠯ   ᠡᠷᠡᠭᠲᠡᠢ ᠴᠡᠷᠢᠭ ᠲᠤ ᠡᠯᠰᠡᠬᠦ ᠡᠲᠡᠭᠡᠳ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ︵ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶᠂ ᠪᠦᠬᠦᠯᠢ 18 ︱ ᠪᠦᠬᠦᠯᠢ 22 ᠨᠠᠰᠤ ︵2001 ᠣᠨ ᠤ 1 ᠰᠠᠷ᠎ᠠ ᠶᠢᠨ 1 ᠤ ᠡᠳᠦᠷ ᠠᠴᠠ 2005 ᠣᠨ ᠤ 12 ᠰᠠᠷ᠎ᠠ ᠶᠢᠨ 31 ᠤ ᠡᠳᠦᠷ ᠤᠨ ᠬᠤᠭᠤᠷᠣᠨᠳᠤ ᠲᠥᠷᠥᠭᠰᠡᠨ︶ ᠨᠠᠰᠤᠨ ᠤ ᠬᠤᠭᠤᠷᠣᠨᠳᠤᠬᠢ ᠵᠠᠯᠠᠭᠤᠴᠤᠳ  ᠂ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠳᠡᠭᠡᠳᠦ ᠰᠤᠷᠭᠠᠭᠤᠯᠢ ᠲᠡᠭᠦᠰᠦᠭᠰᠡᠳ ᠪᠦᠬᠦᠯᠢ 18 ︱ 24 ᠤ ᠬᠤᠭᠤᠷᠣᠨᠳᠤ ᠪᠠᠶᠢᠬᠤ ᠬᠡᠷᠡᠭᠲᠡᠢ᠃   ᠡᠯᠰᠡᠬᠦ ᠨᠥᠬᠦᠴᠡᠯ    ᠤᠯᠤᠰ ᠲᠦᠷᠦ ᠶᠢᠨ ᠨᠥᠬᠦᠴᠡᠯ ᠪᠠ ᠪᠡᠶ᠎ᠡ ᠮᠠᠬᠠᠪᠤᠳ ᠤᠨ ᠨᠥᠬᠦᠴᠡᠯ ᠤᠨ ᠲᠠᠯ᠎ᠠ ᠪᠠᠷ ︽ᠴᠡᠷᠢᠭ ᠡᠯᠰᠡᠬᠦ ᠤᠯᠤᠰ ᠲᠦᠷᠦ ᠶᠢᠨ ᠬᠢᠨᠠᠨ ᠰᠢᠯᠭᠠᠯᠲᠠ ᠶᠢᠨ ᠠᠵᠢᠯ ᠤᠨ ᠲᠣᠭᠲᠠᠭᠠᠯ︾ ᠪᠠ ︽ᠴᠡᠷᠢᠭ ᠲᠤ ᠡᠯᠰᠡᠭᠳᠡᠬᠦ ᠠᠷᠠᠳ ᠢᠷᠭᠡᠳ ᠤᠨ ᠪᠡᠶ᠎ᠡ ᠮᠠᠬᠠᠪᠤᠳ ᠤᠨ ᠪᠠᠶᠢᠴᠠᠭᠠᠯᠲᠠ ᠶᠢᠨ ᠪᠠᠷᠢᠮᠵᠢᠶ᠎ᠠ︾ ᠵᠢᠴᠢ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠬᠡᠷᠡᠭᠵᠢᠭᠦᠯᠦᠨ᠎ᠡ᠃ ᠳᠣᠣᠷᠠᠬᠢ  ᠬᠤᠯᠪᠣᠭᠠᠰᠤ ᠶᠢ ᠵᠠᠯᠭᠠᠨ ᠯᠠᠪᠯᠠᠯᠲᠠ ᠪᠣᠯᠭᠠᠵᠤ ᠪᠣᠯᠣᠨ᠎ᠠ᠄ ︵https://www.gfbzb.gov.cn/zbbm/zcfg/byfg/tjbz.shtml★ ᠡᠯᠰᠡᠬᠦ ᠠᠷᠭ᠎ᠠ ᠴᠡᠷᠢᠭ ᠲᠤ ᠡᠯᠰᠡᠭᠳᠡᠬᠦ ᠨᠠᠰᠤᠨ ᠤ ᠵᠠᠯᠠᠭᠤᠴᠤᠳ ᠡᠷᠦᠭᠡ ᠠᠮᠠ ᠶᠢᠨ ᠲᠠᠩᠰᠠ  ᠪᠠᠶᠢᠭ᠎ᠠ ᠭᠠᠵᠠᠷ ᠲᠠᠭᠠᠨ ᠡᠯᠰᠡᠭᠦᠯᠵᠦ ᠂ ᠶᠡᠭᠡ ᠰᠤᠷᠭᠠᠭᠤᠯᠢ ᠶᠢᠨ ᠰᠢᠨ᠎ᠡ ᠰᠤᠷᠤᠬᠴᠢ ᠨᠢ ᠰᠤᠷᠭᠠᠭᠤᠯᠢ ᠳᠤ ᠣᠷᠣᠬᠤ ᠠᠴᠠ ᠡᠮᠦᠨ᠎ᠡ ᠡᠷᠦᠭᠡ ᠠᠮᠠ ᠶᠢᠨ ᠲᠠᠩᠰᠠ ᠪᠠᠶᠢᠭᠰᠠᠨ ᠭᠠᠵᠠᠷ ᠲᠠᠭᠠᠨ ᠡᠯᠰᠡᠭᠦᠯᠦᠨ᠎ᠡ᠃ ᠴᠡᠷᠢᠭ ᠲᠤ ᠡᠯᠰᠡᠭᠳᠡᠬᠦ ᠠᠷᠠᠳ ᠢᠷᠭᠡᠨ ᠪᠡᠶ᠎ᠡ ᠶᠢᠨ ᠪᠠᠶᠢᠴᠠᠭᠠᠯᠲᠠ ᠪᠣᠯᠣᠨ ᠤᠯᠤᠰ ᠲᠥᠷᠥ ᠶᠢᠨ ᠬᠢᠨᠠᠨ ᠰᠢᠯᠭᠠᠯᠲᠠ ᠳᠤ ᠴᠥᠮ ᠬᠢᠷᠢ ᠲᠡᠩᠴᠡᠭᠰᠡᠨ ᠪᠥᠭᠡᠳ ᠴᠡᠷᠢᠭ ᠲᠤ ᠡᠯᠰᠡᠭᠳᠡᠬᠦ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠤᠰᠢᠭᠤ ᠴᠡᠷᠢᠭ ᠡᠯᠰᠡᠬᠦ ᠠᠯᠪᠠᠨ ᠭᠡᠷ ᠠᠴᠠ ᠴᠡᠷᠢᠭ  ᠲᠤ ᠡᠯᠰᠡᠭᠳᠡᠬᠦ ᠶᠢ ᠵᠥᠪᠰᠢᠶᠡᠷᠡᠨ᠎ᠡ᠃ ᠳᠣᠣᠷ᠎ᠠ ᠬᠠᠭᠠᠰ ᠵᠢᠯ ᠳᠤ ᠰᠢᠨ᠎ᠡ ᠴᠡᠷᠢᠭ ᠤᠨ ᠴᠡᠷᠢᠭ ᠲᠤ ᠡᠯᠰᠡᠭᠳᠡᠬᠦ ᠶᠢ ᠵᠥᠪᠰᠢᠶᠡᠷᠡᠭᠰᠡᠨ ᠴᠠᠭ ᠪᠣᠯᠣᠨ ᠴᠡᠷᠢᠭ ᠤᠨ ᠠᠯᠪᠠ ᠬᠠᠭᠠᠬᠤ ᠬᠤᠭᠤᠴᠠᠭ᠎ᠠ ᠡᠬᠢᠯᠡᠭᠰᠡᠨ ᠴᠠᠭ ᠢ ᠨᠢᠭᠡᠳᠦᠯᠲᠡᠢ ᠪᠠᠷ 2023 ᠣᠨ ᠤ 9 ᠰᠠᠷ᠎ᠠ ᠶᠢᠨ 1  ᠤ ᠡᠳᠦᠷ ᠢᠶᠠᠷ ᠲᠣᠭᠲᠠᠭᠠᠪᠠ᠃   ★ ᠨᠡᠷ᠎ᠡ ᠮᠡᠳᠡᠭᠦᠯᠬᠦ ᠠᠷᠭ᠎ᠠ ᠬᠡᠯᠪᠡᠷᠢ   ᠪᠥᠬᠦ ᠤᠯᠤᠰ ᠤᠨ ᠴᠡᠷᠢᠭ ᠡᠯᠰᠡᠬᠦ ᠰᠦᠯᠵᠢᠶᠡᠨ ︵ᠰᠦᠯᠵᠢᠶᠡᠨ ᠤ ᠬᠠᠶ᠋ᠢᠭ᠄ https://www.gfbzb.gov.cn/︶ ᠳᠤ ᠭᠠᠷᠴᠤ  ᠂ ᠴᠡᠷᠢᠭ ᠡᠯᠰᠡᠬᠦ ᠳᠤ ᠨᠡᠷ᠎ᠡ ᠮᠡᠳᠡᠭᠦᠯᠬᠦ ︵ᠡᠷᠡᠭᠲᠡᠢ ᠴᠡᠷᠢᠭ︶ ᠶᠢ  ᠰᠣᠩᠭᠤᠨ᠂ ᠳᠠᠩᠰᠠᠯᠠᠭᠤᠯᠤᠨ ᠨᠡᠷ᠎ᠡ ᠮᠡᠳᠡᠭᠦᠯᠦᠨ᠎ᠡ᠃   ᠡᠯᠰᠡᠬᠦ ᠱᠠᠲᠤ ᠬᠤᠪᠢᠶᠠᠷᠢᠯᠠᠯ   8 ᠰᠠᠷ᠎ᠠ ᠶᠢᠨ ᠳᠤᠮᠳᠠᠴᠢ ᠠᠴᠠ ᠡᠮᠦᠨ᠎ᠡ ᠨᠡᠷ᠎ᠡ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠴᠡᠷᠢᠭ ᠲᠤ ᠡᠯᠰᠡᠭᠳᠡᠬᠦ ᠡᠲᠡᠭᠡᠳ ᠢ ᠤᠷᠢᠳᠴᠢᠯᠠᠨ ᠲᠣᠭᠲᠠᠭᠠᠵᠤ᠂ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢᠨ ᠪᠣᠯᠲᠠᠯ᠎ᠠ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ   ᠶᠢᠨ ᠬᠢᠨᠠᠨ ᠰᠢᠯᠭᠠᠯᠲᠠ᠂ ᠬᠢᠨᠠᠨ ᠵᠥᠪᠰᠢᠶᠡᠷᠡᠵᠦ ᠴᠡᠷᠢᠭ ᠲᠤ ᠡᠯᠰᠡᠭᠳᠡᠭᠰᠡᠳ ᠢ ᠲᠣᠭᠲᠠᠭᠠᠬᠤ᠂ ᠴᠡᠷᠢᠭ ᠤᠨ ᠠᠯᠪᠠ ᠠᠴᠠ ᠡᠮᠦᠨᠡᠬᠢ ᠰᠤᠷᠭᠠᠨ ᠬᠥᠮᠦᠵᠢᠯ ᠵᠡᠷᠭᠡ ᠠᠵᠢᠯ ᠢ ᠵᠣᠬᠢᠶᠠᠨ ᠪᠠᠶᠢᠭᠤᠯᠵᠤ᠂ 9 ᠰᠠᠷ᠎ᠠ ᠶᠢᠨ ᠳᠤᠮᠳᠠᠴᠢ ᠪᠠᠷ ᠲᠤᠰᠢᠶᠠᠬᠤ ᠪᠠ ᠬᠦᠯᠢᠶᠡᠨ ᠠᠪᠬᠤ ᠠᠵᠢᠯ ᠢ ᠵᠣᠬᠢᠶᠠᠨ ᠪᠠᠶᠢᠭᠤᠯᠵᠤ ᠰᠢᠨ᠎ᠡ ᠴᠡᠷᠢᠭ ᠢ ᠬᠦᠷᠭᠡᠨ᠎ᠡ᠃   ᠬᠠᠷᠠᠭᠠᠯᠵᠠᠯ ᠤᠨ ᠪᠣᠳᠣᠯᠭ᠎ᠠ   ( ᠨᠢᠭᠡ ) ᠠᠯᠪᠠ ᠬᠠᠭᠠᠭᠰᠠᠨ ᠤ ᠲᠡᠷᠠᠭ᠎ᠠ ᠬᠦᠷᠲᠡᠬᠦ ᠠᠵᠤ ᠠᠬᠤᠢ ᠶᠢᠨ ᠬᠠᠷᠠᠭᠠᠯᠵᠠᠯ  1. ᠴᠡᠷᠢᠭ ᠠᠩᠭᠢ ᠠᠴᠠ ᠣᠯᠭᠤᠬᠤ ᠬᠠᠷᠠᠭᠠᠯᠵᠠᠯ  ① ᠴᠡᠷᠢᠭ ᠤᠨ ᠠᠯᠪᠠ ᠬᠠᠭᠠᠬᠤ ᠬᠤᠭᠤᠴᠠᠭᠠᠨ ᠳᠠᠬᠢ ᠴᠡᠷᠢᠭ ᠤᠨ ᠨᠥᠬᠦᠪᠦᠷᠢ ᠮᠥᠩᠭᠦ᠂ 2 ᠵᠢᠯ ᠳᠤ ᠪᠠᠷᠤᠭ 2.8 ᠲᠦᠮᠡᠨ ᠲᠥᠭᠦᠷᠢᠭ᠃   ②ᠴᠡᠷᠢᠭ ᠤᠨ ᠠᠯᠪᠠᠨ ᠠᠴᠠ ᠪᠠᠭᠤᠬᠤ ᠦᠶ᠎ᠡ ᠳᠤ ᠨᠢᠭᠡ ᠯᠡ ᠤᠳᠠᠭ᠎ᠠ ᠶᠢᠨ ᠴᠢᠨᠠᠷᠲᠠᠢ ᠣᠯᠭᠤᠬᠤ  ᠴᠡᠷᠢᠭ ᠤᠨ ᠠᠯᠪᠠᠨ ᠠᠴᠠ ᠪᠠᠭᠤᠬᠤ ᠨᠦᠬᠦᠪᠦᠷᠢ ᠮᠥᠩᠭᠦ ᠶᠢ ᠴᠡᠷᠢᠭ ᠤᠨ ᠠᠯᠪᠠ ᠬᠠᠭᠠᠭᠰᠠᠨ ᠵᠢᠯ ᠢᠶᠠᠷ ᠪᠤᠳᠤᠵᠤ ᠥᠭᠭᠦᠨ᠎ᠡ᠂ 2 ᠵᠢᠯ ᠳᠤ 9000 ᠲᠥᠭᠦᠷᠢᠭ᠃   ③ ᠴᠡᠷᠢᠭ ᠤᠨ ᠠᠯᠪᠠᠨ ᠠᠴᠠ ᠪᠠᠭᠤᠬᠤ ᠦᠶ᠎ᠡ ᠳᠤ ᠣᠯᠭᠤᠬᠤ ᠴᠡᠷᠢᠭ ᠤᠨ ᠠᠯᠪᠠ ᠬᠠᠭᠠᠬᠤ ᠬᠤᠭᠤᠴᠠᠭᠠᠨ ᠤ ᠠᠵᠢᠯ ᠤᠨ ᠵᠢᠯ ᠤᠨ ᠨᠦᠬᠦᠪᠦᠷᠢ᠂ ᠬᠤᠶᠠᠷ ᠵᠢᠯ ᠳᠤ ᠪᠠᠷᠤᠭ 1.6 ᠲᠦᠮᠡᠨ ᠲᠥᠭᠦᠷᠢᠭ᠃  2 ᠵᠢᠯ ᠴᠡᠷᠢᠭ ᠤᠨ ᠠᠯᠪᠠ ᠬᠠᠭᠠᠪᠠᠯ ᠨᠡᠶᠢᠲᠡ ᠪᠠᠷᠤᠭ 5.3 ᠲᠦᠮᠡᠨ ᠲᠥᠭᠦᠷᠢᠭ ᠤᠨ  ᠬᠠᠷᠠᠭᠠᠯᠵᠠᠯ ᠲᠠᠢ᠃  2.ᠣᠷᠣᠨ ᠨᠤᠲᠤᠭ ᠠᠴᠠ ᠣᠯᠭᠤᠬᠤ ᠬᠠᠷᠠᠭᠠᠯᠵᠠᠯ  ① ᠠᠯᠪᠠᠨ ᠵᠢᠷᠤᠮ ᠤᠨ ᠴᠡᠷᠢᠭ ᠤᠨ ᠬᠠᠷᠠᠭᠠᠯᠵᠠᠯ ᠤᠨ ᠮᠥᠩᠭᠦ ᠶᠢ ᠣᠯᠭᠤᠬᠤ ᠳᠠᠭᠠᠨ᠂ ᠵᠢᠯ ᠪᠦᠷᠢ ᠲᠤᠬᠠᠢ ᠶᠢᠨ ᠭᠠᠵᠠᠷ ᠤᠨ ᠳᠡᠭᠡᠷ᠎ᠡ ᠨᠢᠭᠡ ᠵᠢᠯ ᠤᠨ ᠮᠠᠯᠴᠢᠨ ᠲᠠᠷᠢᠶᠠᠴᠢᠨ ᠤ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢᠨ 1.5 ᠳᠠᠬᠢᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃  ② ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠥᠬᠦᠪᠦᠷᠢ ᠮᠥᠩᠭᠦ ᠶᠢ ᠴᠡᠷᠢᠭ ᠤᠨ ᠠᠯᠪᠠ ᠬᠠᠭᠠᠭᠰᠠᠨ ᠵᠢᠯ ᠢᠶᠠᠷ ᠪᠤᠳᠤᠵᠤ ᠣᠯᠭᠤᠨ᠎ᠠ᠃ ᠣᠨ ᠤ ᠪᠠᠷᠢᠮᠵᠢᠶ᠎ᠠ ᠶᠢ ᠴᠡᠷᠢᠭ ᠤᠨ ᠠᠯᠪᠠᠨ ᠠᠴᠠ ᠪᠠᠭᠤᠭᠰᠠᠨ ᠤ ᠳᠡᠭᠡᠷ᠎ᠡ ᠨᠢᠭᠡ ᠵᠢᠯ ᠤᠨ ᠬᠢᠨᠢ ᠲᠤᠬᠠᠢ ᠶᠢᠨ ᠭᠠᠵᠠᠷ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃   3. ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ᠄ ᠤᠯᠤᠰ ᠠᠴᠠ ᠴᠡᠷᠢᠭ ᠲᠤ ᠡᠯᠰᠡᠭᠳᠡᠬᠦ ᠠᠯᠪᠠᠨ ᠵᠢᠷᠤᠮ ᠤᠨ ᠴᠡᠷᠢᠭ ᠤᠨ ᠠᠯᠪᠠᠨ ᠳᠤ ᠡᠯᠰᠡᠭᠳᠡᠬᠦ ᠳᠡᠭᠡᠳᠦ ᠰᠤᠷᠭᠠᠭᠤᠯᠢ ᠶᠢᠨ ᠰᠣᠷᠣᠭᠴᠢ ︵ᠪᠦᠬᠦᠯᠢ ᠡᠳᠦᠷ ᠤᠨ ᠳᠦᠷᠢᠮᠲᠦ︶᠂ ᠴᠡᠷᠢᠭ ᠲᠤ ᠣᠷᠣᠬᠤ ᠳᠠᠭᠠᠨ ᠲᠡᠭᠦᠨ ᠤ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ ᠪᠤᠶᠤ ᠣᠯᠣᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ ᠶᠢ ᠬᠡᠷᠡᠭᠵᠢᠭᠦᠯᠦᠨ᠎ᠡ᠃  ①ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠠᠳ ᠨᠢᠭᠡᠨᠲᠡ ᠲᠡᠭᠦᠰᠦᠭᠰᠡᠨ ᠣᠶᠤᠲᠠᠳ ᠤᠨ ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠳᠤ ᠤᠯᠤᠰ ᠠᠴᠠ ᠨᠥᠬᠦᠪᠦᠷᠢ ᠥᠭᠭᠦᠨ᠎ᠡ᠃   ② ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠠᠴᠠ ᠡᠮᠦᠨ᠎ᠡ ᠳᠡᠭᠡᠳᠦ ᠵᠡᠷᠭᠡ  ᠶᠢᠨ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠰᠤᠷᠦᠬᠴᠢ ( ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠰᠤᠷᠦᠬᠴᠢ ᠪᠠᠭᠲᠠᠨ᠎ᠠ )᠂ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠶᠢᠨ ᠬᠠᠷᠢᠶ᠎ᠠ ᠪᠤᠶᠤ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠦᠯᠡᠳᠡᠭᠡᠨ᠎ᠡ ᠂ ᠴᠡᠷᠢᠭ ᠠᠴᠠ ᠬᠠᠯᠠᠭᠳᠠᠭᠰᠠᠨ ᠤ ᠲᠡᠷᠠᠭ᠎ᠠ ᠰᠠᠶᠢᠨ ᠳᠤᠷ᠎ᠠ ᠠᠴᠠ ᠪᠠᠨ ᠰᠤᠷᠤᠯᠭ᠎ᠠ ᠪᠠᠨ ᠰᠡᠷᠭᠦᠭᠡᠬᠦ ᠪᠤᠶᠤ ᠰᠤᠷᠭᠠᠭᠤᠯᠢ ᠳᠤ ᠣᠷᠣᠪᠠᠯ᠂ ᠤᠯᠤᠰ ᠠᠴᠠ ᠰᠤᠷᠤᠯᠭ᠎ᠠ ᠶᠢᠨ ᠰᠦᠢᠳᠬᠡᠯ ᠢ ᠨᠢ ᠬᠠᠰᠤᠵᠤ ᠬᠡᠯᠲᠦᠷᠢᠭᠦᠯᠦᠨ᠎ᠡ᠃   ③ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠶᠣᠰᠣᠭᠠᠷ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ᠂ ᠲᠤᠰᠬᠠᠢ ᠮᠡᠷᠭᠡᠵᠢᠯ ᠤᠨ ᠠᠩᠭᠢ ᠠᠴᠠ ᠴᠡᠷᠢᠭ ᠲᠤ ᠡᠯᠰᠡᠭᠳᠡᠭᠰᠡᠨ ᠰᠤᠷᠤᠭᠴᠢ ᠳᠤ ᠨᠦᠬᠦᠪᠦᠷᠢ ᠣᠯᠭᠤᠬᠤ ᠳᠠᠭᠠᠨ ᠬᠥᠮᠥᠨ ᠪᠦᠷᠢ ᠳᠤ ᠵᠢᠯ ᠪᠦᠷᠢ 8000 ᠲᠥᠭᠦᠷᠢᠭ ᠠᠴᠠ ᠬᠡᠲᠦᠷᠡᠭᠦᠯᠬᠦ ᠦᠭᠡᠢ᠂  ᠴᠡᠷᠢᠭ ᠲᠤ ᠡᠯᠰᠡᠭᠳᠡᠭᠰᠡᠨ ᠰᠤᠳᠤᠯᠬᠤ ᠰᠣᠷᠣᠭᠴᠢ ᠳᠤ ᠨᠦᠬᠦᠪᠦᠷᠢ ᠣᠯᠭᠤᠬᠤ ᠳᠠᠭᠠᠨ ᠬᠥᠮᠥᠨ ᠪᠦᠷᠢ ᠳᠤ ᠵᠢᠯ ᠪᠦᠷᠢ 12000 ᠲᠥᠭᠦᠷᠢᠭ ᠠᠴᠠ ᠬᠡᠲᠦᠷᠡᠭᠦᠯᠬᠦ ᠦᠭᠡᠢ᠃︵ᠬᠤᠶᠠᠷ︶ ᠠᠯᠪᠠ ᠬᠠᠭᠠᠬᠤ ᠬᠤᠭᠤᠴᠠᠭᠠᠨ ᠳᠠᠬᠢ ᠬᠤᠪᠢ ᠬᠥᠮᠥᠨ ᠤ ᠬᠥᠭᠵᠢᠯᠲᠡ ᠶᠢᠨ ᠠᠷᠭ᠎ᠠ ᠵᠠᠮ  1.ᠮᠠᠰᠢᠨ ᠲᠡᠷᠭᠡ ᠵᠢᠯᠤᠭᠤᠳᠬᠤ᠂ ᠲᠡᠷᠭᠡ ᠮᠠᠰᠢᠨ ᠢ ᠰᠡᠯᠪᠢᠨ ᠵᠠᠰᠠᠬᠤ᠂ ᠡᠷᠡᠭᠦᠯ ᠬᠠᠮᠠᠭᠠᠯᠠᠯ᠂ ᠬᠤᠭᠤᠯᠠ ᠬᠢᠬᠦ᠂ ᠴᠢᠮᠡᠭᠡ ᠬᠤᠯᠪᠣᠭ᠎ᠠ ᠵᠡᠷᠭᠡ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ ᠪᠣᠯᠣᠨ᠎ᠠ᠃  2. ᠨᠢᠭᠡ ᠵᠢᠯ ᠬᠠᠭᠠᠰ ᠠᠴᠠ ᠳᠡᠭᠡᠭᠰᠢ ᠠᠯᠪᠠ ᠬᠠᠭᠠᠭᠰᠠᠨ ᠪᠠᠶᠢᠪᠠᠯ ᠴᠡᠷᠢᠭ ᠤᠨ ᠳᠡᠭᠡᠳᠦ ᠰᠤᠷᠭᠠᠭᠤᠯᠢ ( ᠣᠹᠢᠼᠧᠷ᠂ ᠪᠠᠭ᠎ᠠ ᠣᠹᠢᠼᠧᠷ) ᠳᠤ ᠰᠢᠯᠭᠠᠭᠤᠯᠵᠤ ᠪᠣᠯᠣᠨ᠎ᠠ᠃ ᠣᠳᠣᠬᠠᠨ ᠳᠤ᠂ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠪᠠᠭ᠎ᠠ ᠣᠹᠢᠼᠧᠷ ᠤᠨ ᠰᠠᠷ᠎ᠠ ᠶᠢᠨ ᠳᠤᠮᠳᠠᠴᠢ ᠴᠠᠯᠢᠩ  ᠨᠢ ᠲᠣᠰ ᠲᠣᠰ 6000 ᠲᠥᠭᠦᠷᠢᠭ᠂ 7000 ᠲᠥᠭᠦᠷᠢᠭ᠂ 8000 ᠲᠥᠭᠦᠷᠢᠭ ᠣᠷᠴᠢᠮ ᠪᠣᠯᠣᠨ᠎ᠠ᠃   ︵ᠭᠤᠷᠪᠠ︶ ᠴᠡᠷᠢᠭ ᠤᠨ ᠠᠯᠪᠠᠨ ᠠᠴᠠ ᠪᠠᠭᠤᠭᠰᠠᠨ ᠤ ᠲᠠᠷᠠᠭ᠎ᠠ ᠬᠥᠷᠳᠡᠬᠦ ᠬᠠᠷᠠᠭᠠᠯᠵᠠᠯ ᠣᠯᠭᠤᠮᠵᠢ  1. ᠴᠡᠷᠢᠭ ᠤᠨ ᠠᠯᠪᠠ ᠬᠠᠭᠠᠬᠤ ᠠᠴᠠ ᠡᠮᠦᠨ᠎ᠡ ᠳᠡᠭᠡᠳᠦ ᠰᠤᠷᠭᠠᠭᠤᠯᠢ ᠳᠤ ᠡᠯᠰᠡᠭᠳᠡᠭᠡᠳ ᠪᠠᠶᠢᠭᠰᠠᠨ ᠪᠣᠯ᠂ ᠴᠡᠷᠢᠭ ᠠᠴᠠ ᠬᠠᠯᠠᠭᠳᠠᠭᠰᠠᠨ ᠤ ᠲᠠᠷᠠᠭ᠎ᠠ ᠦᠷᠭᠦᠯᠵᠢᠯᠡᠨ ᠰᠤᠷᠤᠯᠴᠠᠬᠤ ᠬᠡᠯᠪᠡᠷᠢ ᠶᠢ ᠰᠣᠩᠭᠤᠵᠤ ᠪᠣᠯᠬᠤ ᠮᠥᠷᠲᠡᠭᠡᠨ᠂ ᠦᠷᠭᠦᠯᠵᠢᠯᠡᠨ ᠰᠤᠷᠤᠯᠴᠠᠬᠤ ᠳᠤ ᠴᠡᠷᠢᠭ ᠤᠨ ᠶᠠᠪᠤᠳᠠᠯ ᠤᠨ ᠮᠡᠷᠭᠡᠵᠢᠯ ᠴᠢᠳᠠᠪᠤᠷᠢ ᠶᠢᠨ ᠬᠢᠴᠢᠶᠡᠯ ᠢ ᠰᠤᠷᠬᠤ ᠴᠢᠬᠤᠯᠠ ᠦᠭᠡᠢ ᠪᠠᠶᠢᠵᠤ᠂ ᠰᠢᠭᠤᠳ ᠰᠤᠷᠤᠯᠭ᠎ᠠ ᠶᠢᠨ ᠬᠤᠪᠢ ᠣᠯᠵᠤ ᠪᠣᠯᠣᠨ᠎ᠠ᠃ ᠰᠤᠷᠭᠠᠭᠤᠯᠢ ᠪᠠᠷ ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠪᠠᠷ ᠳᠠᠮᠵᠢᠨ᠂ ᠲᠣᠰ ᠰᠤᠷᠭᠠᠭᠤᠯᠢ ᠶᠢᠨ ᠢᠶᠠᠨ ᠪᠤᠰᠤᠳ ᠲᠤᠰᠬᠠᠢ ᠮᠡᠷᠭᠡᠵᠢᠯ ᠳᠤ ᠰᠢᠯᠵᠢᠨ ᠰᠤᠷᠤᠯᠴᠠᠵᠤ ᠪᠣᠯᠣᠨ᠎ᠠ᠃   2. ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠳᠡᠭᠡᠳᠦ ᠰᠤᠷᠭᠠᠭᠤᠯᠢ   ᠠᠴᠠ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢ ︵ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠰᠣᠷᠣᠭᠴᠢ ᠪᠠᠭᠲᠠᠨ᠎ᠠ︶ ᠨᠢ ᠴᠡᠷᠢᠭ ᠲᠤ ᠡᠯᠰᠡᠭᠳᠡᠨ ᠣᠷᠣᠪᠠᠯ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠤᠯᠭ᠎ᠠ ᠪᠠᠨ ᠪᠡᠶᠡᠯᠡᠭᠦᠯᠦᠭᠰᠡᠨ ᠤᠷᠢᠲᠠᠯ ᠳᠣᠣᠷ᠎ᠠ᠂ ᠣᠷᠣᠨ ᠤ ᠳᠣᠲᠣᠭᠠᠳᠤ ᠳᠠᠭᠠᠨ ᠰᠢᠯᠭᠠᠯᠲᠠ ᠳᠠᠮᠵᠢᠬᠤ ᠦᠭᠡᠢ ᠪᠠᠷ ᠡᠩ ᠤᠨ ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠨ ᠰᠤᠷᠤᠯᠴᠠᠬᠤ ᠪᠤᠶᠤ ᠬᠦᠰᠡᠯ ᠰᠠᠨᠠᠭ᠎ᠠ ᠪᠠᠨ ᠦᠨᠳᠦᠰᠦᠯᠡᠨ ᠨᠠᠰᠤᠨ ᠳᠤ ᠭᠦᠷᠦᠭᠰᠡᠳ ᠤᠨ ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠨ ᠰᠤᠷᠤᠯᠴᠠᠵᠤ ᠪᠣᠯᠣᠨ᠎ᠠ᠃  3. ᠳᠡᠭᠡᠷ᠎ᠡ ᠬᠠᠭᠠᠰ ᠵᠢᠯ ᠳᠤ ᠴᠡᠷᠢᠭ ᠲᠤ ᠣᠷᠣᠭᠰᠠᠨ ᠡ᠊ᠩ ᠤᠨ ᠵᠢᠩᠬᠢᠨᠢ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ︵ᠲᠤᠰᠬᠠᠢ ᠮᠡᠷᠭᠡᠵᠢᠯ ᠤᠨ ᠠᠩᠭᠢ︶ ᠠᠩᠭᠢ ᠶᠢᠨ ᠲᠡᠭᠦᠰᠬᠦ  ᠰᠤᠷᠤᠭᠴᠢᠳ ᠠᠵᠢᠯ ᠮᠡᠷᠭᠡᠵᠢᠯ ᠤᠨ ᠤᠨᠤᠯ ᠤᠨ ᠬᠢᠴᠢᠶᠡᠯ ᠤᠨ ᠰᠤᠷᠤᠯᠴᠠᠯᠭ᠎ᠠ ᠪᠠᠨ ᠪᠡᠶᠡᠯᠡᠭᠦᠯᠦᠭᠰᠡᠨ ᠮᠥᠷᠲᠡᠭᠡᠨ ᠬᠤᠯᠪᠣᠭᠳᠠᠯ ᠪᠦᠬᠦᠢ ᠲᠡᠭᠦᠰᠬᠦ ᠵᠢᠷᠤᠭ ᠲᠥᠯᠥᠪᠯᠡᠭᠡ ᠪᠠ ᠥᠭᠦᠯᠡᠯ ᠤᠨ ᠨᠣᠮ ᠬᠠᠶᠠᠯᠴᠠᠭ᠎ᠠ ᠳᠤ ᠬᠢᠷᠢ ᠲᠡᠩᠴᠡᠵᠦ᠂ ᠲᠡᠭᠦᠰᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠤᠷᠭᠠᠭᠤᠯᠢ ᠠᠴᠠ ᠨᠢ ᠲᠡᠭᠦᠰᠬᠦ ᠶᠢ ᠨᠢ ᠵᠥᠪᠰᠢᠶᠡᠷᠡᠬᠦ ᠬᠡᠷᠡᠭᠲᠡᠢ᠃ ᠲᠡᠭᠦᠰᠬᠦ ᠳᠠᠳᠤᠯᠭ᠎ᠠ ᠬᠢᠬᠦ ᠠᠴᠠ ᠬᠡᠯᠲᠦᠷᠢᠭᠦᠯᠵᠦ  ᠂ ᠴᠡᠷᠢᠭ ᠤᠨ ᠠᠯᠪᠠ ᠬᠠᠭᠠᠭᠰᠠᠨ ᠥᠩᠭᠡᠷᠡᠯᠲᠡ ᠶᠢ ᠨᠢ ᠲᠡᠭᠦᠰᠬᠦ ᠳᠠᠳᠤᠯᠭ᠎ᠠ ᠬᠢᠭᠰᠡᠨ  ᠢᠶᠠᠷ ᠦᠵᠡᠵᠦ ᠪᠣᠯᠣᠨ᠎ᠠ᠃   4. ᠵᠢᠩᠬᠢᠨᠢ ᠠᠩᠭᠢ ᠶᠢᠨ ᠰᠤᠷᠤᠯᠭ᠎ᠠ ᠪᠠᠨ ᠲᠡᠭᠦᠰᠦᠭᠰᠡᠨ ᠤ ᠳᠠᠷᠠᠭ᠎ᠠ 3 ᠵᠢᠯ ᠤᠨ ᠳᠣᠲᠣᠷ᠎ᠠ ᠠᠩᠬ᠎ᠠ ᠤᠳᠠᠭ᠎ᠠ ᠠᠰᠫᠢᠷᠠᠨᠲ ᠤᠨ ᠰᠢᠯᠭᠠᠯᠲᠠ ᠳᠤ ᠣᠷᠣᠯᠴᠠᠬᠤ ᠳᠤ ᠨᠢ ᠰᠢᠯᠭᠠᠯᠲᠠ ᠶᠢᠨ ᠶᠡᠷᠦᠩᠬᠡᠢ ᠬᠤᠪᠢ ᠳᠤ ᠨᠢ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠡᠯᠰᠡᠨ᠎ᠡ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢ ᠭᠠᠪᠢᠶ᠎ᠠ ᠪᠠᠶᠢᠭᠤᠯᠤᠭᠰᠠᠨ ᠪᠣᠯ ᠰᠢᠯᠭᠠᠬᠤ ᠦᠭᠡᠢ ᠪᠠᠷ ︵ᠠᠩᠬᠠᠨ ᠤ ᠰᠢᠯᠭᠠᠯᠲᠠ ᠶᠢ ᠵᠢᠭᠠᠵᠤ ᠪᠣᠶ︶  ᠠᠰᠫᠢᠷᠠᠨᠲ ᠢᠶᠠᠷ ᠡᠯᠰᠡᠨ ᠰᠤᠷᠤᠯᠴᠠᠭᠤᠯᠤᠨ᠎ᠠ᠃  ︵ᠳᠥᠷᠪᠡ︶ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ  1. ᠴᠡᠷᠢᠭ ‍ᠤᠨ‌ᠠᠯᠪᠠᠨ ᠠᠴᠠ ᠪᠠᠭᠤᠭᠰᠠᠨ ᠪᠠᠶᠢᠯᠳᠤᠭᠴᠢᠳ ᠳᠣᠣᠷᠠᠬᠢ ᠨᠥᠬᠦᠴᠡᠯ ᠤᠨ ᠨᠢᠭᠡ   ᠳᠤᠨᠢ ᠨᠡᠶᠢᠴᠡᠭᠰᠡᠨ ᠪᠠᠶᠢᠪᠠᠯ᠂ ᠲᠥᠪᠬᠢᠨᠡᠭᠦᠯᠬᠦ ᠭᠠᠵᠠᠷ  ᠤᠨ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ‍ᠤᠨ‌ᠠᠷᠠᠳ ᠤᠨ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠬᠤ ᠬᠡᠷᠡᠭᠲᠡᠢ  ① ᠪᠠᠭ᠎ᠠ ᠣᠹᠢᠼᠧᠷ ᠤᠨ ᠴᠡᠷᠢᠭ ᠤᠨ ᠠᠯᠪᠠ ᠬᠠᠭᠠᠭᠠᠳ ᠪᠦᠬᠦᠯᠢ 12 ᠵᠢᠯ ᠪᠣᠯᠤᠭᠰᠠᠨ᠃  ②ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠬᠤᠶᠠᠳᠤᠭᠠᠷ ᠳᠡᠰ ᠠᠴᠠ ᠳᠡᠭᠡᠭᠰᠢ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ ᠪᠤᠶᠤ ᠲᠡᠶᠢᠠ ᠤ ᠦᠶ᠎ᠡ ᠳᠤ ᠭᠤᠷᠪᠠᠳᠤᠭᠠᠷ ᠳᠡᠰ ᠠᠴᠠ ᠳᠡᠭᠡᠭᠰᠢ ᠭᠠᠪᠢᠶ᠎ᠠ ᠪᠠᠶᠢᠭᠤᠯᠤᠭᠰᠠᠨ ᠱᠠᠩᠨᠠᠯ ᠭᠥᠷᠳᠡᠭᠰᠡᠨ᠃  ③ᠠᠯᠪᠠᠨ ᠵᠢᠷᠤᠮ ᠤᠨ ᠴᠡᠷᠢᠭ ‍ᠤᠨ‌ᠠᠯᠪᠠᠨ ᠠᠴᠠ ᠪᠠᠤᠭᠰᠠᠨ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ  ᠃   2. ᠲᠠᠶᠢᠨ᠂ ᠠᠯᠪᠠᠨ ᠶᠠᠪᠤᠳᠠᠯ᠂ ᠡᠪᠡᠳᠴᠢᠨ ᠠᠴᠠ ᠪᠣᠯᠵᠤ ᠵᠡᠮᠳᠡᠭ ᠪᠣᠯᠵᠤ ᠠᠯᠪᠠᠨ ᠵᠢᠷᠤᠮ ᠤᠨ ᠴᠡᠷᠢᠭ ᠤᠨ ᠠᠯᠪᠠᠨ ᠠᠴᠠ ᠪᠠᠭᠤᠪᠠᠯ᠂ ᠤᠯᠤᠰ ᠠᠴᠠ ᠦᠨᠡᠯᠡᠨ ᠲᠣᠭᠲᠠᠭᠠᠭᠰᠠᠨ ᠵᠡᠮᠳᠡᠭ ᠤᠨ ᠲᠡᠰ ᠤᠨ ᠶᠣᠰᠣᠭᠠᠷ ᠠᠵᠢᠯ ᠲᠣᠬᠢᠷᠠᠭᠤᠯᠬᠤ᠂ ᠠᠰᠠᠷᠠᠨ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ  ᠵᠣᠬᠢᠰᠲᠠᠢ ᠲᠥᠪᠬᠢᠨᠡᠭᠦᠯᠦᠨ᠎ᠡ᠃   3. ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ ᠦᠨᠳᠦᠰᠦᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠠᠵᠢᠯ ᠤᠨ ᠪᠠᠶᠢᠷᠢ ᠶᠢ ᠵᠣᠬᠢᠬᠤ  ᠬᠡᠮᠵᠢᠶ᠎ᠡ ᠪᠠᠷ ᠲᠣᠬᠢᠷᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠪᠤᠶᠤ ᠤᠯᠤᠰ ᠤᠨ ᠥᠮᠴᠢᠯᠡᠯᠲᠦ ᠬᠥᠷᠥᠩᠭᠡ ᠭᠤᠣᠯᠯᠠᠬᠤ ᠠᠵᠤ ᠠᠬᠤᠶᠢᠯᠠᠯ ᠨᠢ ᠰᠢᠨ᠎ᠡ ᠪᠠᠷ ᠠᠵᠢᠯᠲᠠᠨ ᠠᠵᠢᠯᠴᠢᠨ ᠡᠯᠰᠡᠬᠦ ᠳᠡᠭᠡᠨ᠂ 5% ᠶᠢᠨ ᠠᠵᠢᠯ ᠤᠨ ᠪᠠᠶᠢᠷᠢ ᠶᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠠᠴᠠ ᠰᠢᠯᠢᠳᠡᠭ ᠢ ᠰᠣᠩᠭᠤᠨ ᠡᠯᠰᠡᠬᠦ ᠳᠤ ᠲᠣᠬᠢᠷᠠᠭᠤᠯᠬᠤ ᠬᠡᠷᠡᠭᠲᠡᠢ᠃   ᠠᠰᠠᠭᠤᠨ ᠯᠠᠪᠯᠠᠬᠤ ᠤᠲᠠᠰᠤ᠄ 0479 ︱ 7357180 ︵ᠰᠦᠨ ᠭᠠᠨ ᠱᠢ︶
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号