ᠪᠠᠶᠠᠨᠬᠤᠰᠢᠭᠤ ᠰᠣᠮᠣᠨ  ᠤ ᠮᠠᠯ ᠠᠵᠣ ᠠᠬᠤᠢ ᠶᠢᠨ ᠬᠡᠷᠡᠭᠯᠡᠭᠡᠨ ᠤ ᠮᠡᠷᠭᠡᠵᠢᠯ ᠤᠨ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠡᠬᠢᠯᠡᠪᠡ
ᠨᠡᠶᠢᠲᠡᠯᠡᠭᠰᠡᠨ ᠴᠠᠭ᠄
2023/8/3
ᠪᠠᠶᠠᠨᠬᠤᠰᠢᠭᠤ ᠰᠣᠮᠣᠨ   ᠤ ᠮᠠᠯ ᠠᠵᠣ ᠠᠬᠤᠢ ᠶᠢᠨ ᠬᠡᠷᠡᠭᠯᠡᠭᠡᠨ ᠤ ᠮᠡᠷᠭᠡᠵᠢᠯ ᠤᠨ ᠬᠤᠶᠠᠳᠣᠭᠠᠷ ᠬᠤᠭᠤᠴᠠᠭᠠᠨ ᠤ ᠪᠣᠯᠪᠠᠰᠣᠷᠠᠯ ᠡᠬᠢᠯᠡᠪᠡ                                            ᠦᠵᠦᠮᠦᠴᠢᠨ ᠴᠠᠭᠠᠨ ᠠᠳᠣᠭᠤᠨ ᠤ ᠡᠭᠦᠯᠳᠡᠷ ᠢ ᠰᠠᠶᠢᠵᠢᠷᠠᠭᠤᠯᠣᠨ᠂ ᠣᠷᠣᠨ ᠨᠣᠲᠤᠭ ᠤᠨ ᠰᠢᠯᠢᠳᠡᠭ ᠡᠭᠦᠯᠳᠡᠷ ᠢ ᠬᠠᠮᠠᠭᠠᠯᠠᠬᠤ ᠵᠢᠴᠢ ᠨᠡᠭᠡᠭᠡᠨ ᠠᠰᠢᠭᠯᠠᠬᠤ ᠱᠠᠭᠠᠷᠳᠠᠯᠭ᠎ᠠ ᠶᠣᠰᠣᠭᠠᠷ᠂  ᠴᠡᠭᠡᠨ ᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠣᠨ  ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ    ᠶᠢ ᠪᠥᠬᠦ ᠲᠠᠯ᠎ᠠ ᠪᠠᠷ ᠳᠥᠯᠬᠢᠨ ᠠᠬᠢᠭᠤᠯᠬᠤ ᠶᠢᠨ  ᠲᠣᠰᠠᠳᠠ  ᠂ 7 ᠰᠠᠷ᠎ᠠ ᠶᠢᠨ 21 ᠤ ᠡᠳᠦᠷ᠂  ᠪᠠᠶᠠᠨᠬᠤᠰᠢᠭᠤ ᠰᠣᠮᠣ ᠨᠢ ᠠᠳᠣᠭᠤᠨ ᠦᠢᠯᠡᠰ ᠤᠨ ᠲᠣᠰᠬᠠᠢ ᠮᠡᠷᠭᠡᠵᠢᠯ ᠤᠨ ᠲᠠᠶᠢᠯᠣᠮᠵᠢ ᠶᠢᠨ ᠪᠣᠯᠪᠠᠰᠣᠷᠠᠯ ᠢ ᠡᠷᠬᠢᠯᠡᠨ ᠶᠠᠪᠤᠭᠳᠠᠭᠤᠯᠪᠠ᠃     ᠪᠣᠯᠪᠠᠰᠣᠷᠠᠯ ᠳᠤ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠣᠨᠴᠠ ᠣᠷᠢᠭᠰᠠᠨ ᠰᠣᠳᠣᠯᠣᠭᠴᠢ ᠪᠥᠷᠢᠨᠪᠢᠯᠢᠭ ᠪᠠᠭᠰᠢ ᠶᠢ ᠣᠷᠢᠵᠣ ᠲᠠᠶᠢᠯᠣᠮᠵᠢ  ᠬᠢᠯᠭᠡᠵᠤ᠂ ᠮᠣᠩᠭᠤᠯ ᠠᠳᠣᠭᠤᠨ ᠤ ᠭᠤᠣᠯᠳᠠᠯᠭᠠᠲᠣ ᠡᠷᠦᠭᠡ᠂ ᠴᠠᠭᠠᠨ ᠠᠳᠣᠭᠤᠨ ᠤ ᠭᠤᠣᠯᠳᠠᠯᠭᠠᠲᠣ ᠡᠷᠦᠬᠡ ᠪᠠ ᠡᠯ᠎ᠡ ᠭᠠᠴᠠᠭᠠᠨ ᠤ ᠠᠳᠣᠭᠤ ᠮᠠᠯᠵᠢᠵᠣ ᠪᠠᠶᠢᠭ᠎ᠠ ᠡᠷᠦᠬᠡ  ᠵᠡᠷᠭᠡ ᠮᠠᠯᠴᠢᠨ ᠡᠷᠦᠬᠡ ᠶᠢᠨ ᠨᠡᠶᠢᠲᠡ 30 ᠭᠠᠷᠣᠢ ᠬᠦᠮᠦᠨ ᠪᠣᠯᠪᠠᠰᠣᠷᠠᠯ ᠳᠤ ᠣᠷᠣᠯᠴᠠᠵᠠᠢ᠂      ᠪᠦᠷᠢᠨᠪᠢᠯᠢᠭ ᠳ᠋ᠣᠺᠲ᠋ᠣᠷ   ᠠᠴᠠ ᠰᠢᠨ᠎ᠡ ᠬᠡᠯᠪᠡᠷᠢ ᠶᠢᠨ ᠴᠠᠭᠠᠨ ᠢᠳᠡᠭᠡᠨ ᠤ ᠵᠦᠢᠯᠡᠰ ᠤᠨ ᠣᠳᠣᠬᠢ ᠪᠠᠶᠢᠳᠠᠯ ᠪᠣᠯᠣᠨ ᠬᠥᠭᠵᠢᠯᠲᠡ ᠶᠢᠨ ᠬᠠᠨᠳᠣᠰᠢ᠂ ᠴᠡᠭᠡ ᠶᠢᠨ ᠠᠵᠤ  ᠦᠢᠯᠡᠳᠪᠦᠷᠢᠵᠢᠯᠲᠡ ᠵᠢᠴᠢ ᠵᠠᠬ᠎ᠠ  ᠳᠡᠯᠭᠡᠭᠦᠷᠴᠢᠯᠡᠯᠲᠡ᠂ ᠠᠳᠣᠭᠤᠨ ᠰᠣᠶᠣᠯ ᠤᠨ ᠰᠣᠳᠣᠯᠣᠯᠲᠠ ᠶᠢᠨ ᠲᠣᠬᠠᠢ ᠲᠠᠶᠢᠯᠤᠮᠵᠢ ᠬᠢᠵᠣ᠂  ᠮᠠᠯᠴᠢᠳ ᠲᠠᠢ ᠰᠠᠨᠠᠯ ᠪᠣᠳᠣᠯ ᠢᠶᠠᠨ ᠰᠣᠯᠢᠯᠴᠠᠨ᠂ ᠮᠠᠯᠴᠢᠳ ᠤᠨ  ᠴᠠᠭᠠᠨ ᠢᠳᠡᠭᠡᠨ ᠤ  ᠪᠥᠲᠦᠭᠡᠭᠳᠡᠬᠦᠨ   ᠤ ᠲᠥᠷᠦᠯ ᠵᠦᠢᠯ ᠢ ᠨᠡᠭᠡᠭᠡᠨ ᠭᠥᠭᠵᠢᠭᠦᠯᠬᠦ  ᠪᠠᠷ ᠳᠠᠮᠵᠢᠨ᠂ ᠲᠣᠬᠠᠢ ᠶᠢᠨ ᠭᠠᠵᠠᠷ ᠤᠨ ᠠᠳᠣᠭᠤᠨ ᠤ ᠠᠵᠣ ᠦᠢᠯᠡᠰ ᠤᠨ ᠪᠥᠬᠦᠯᠢ ᠴᠣᠭᠴᠠ ᠶᠢᠨ ᠭᠥᠭᠵᠢᠯᠲᠡ  ᠶᠢ  ᠴᠢᠩᠭᠠᠳᠬᠠᠬᠤ ᠶᠢ ᠣᠷᠢᠶᠠᠯᠠᠭᠰᠠᠨ ᠪᠠᠶᠢᠨ᠎ᠠ᠃     ᠪᠣᠯᠪᠠᠰᠣᠷᠠᠯ ᠢᠶᠠᠷ ᠳᠠᠮᠵᠢᠨ᠂  ᠮᠠᠯᠴᠢᠳ ᠲᠣᠰ ᠣᠳᠠᠭᠠᠨ ᠤ ᠪᠣᠯᠪᠠᠰᠣᠷᠠᠯ ᠨᠢ ᠠᠭᠤᠯᠭ᠎ᠠ ᠪᠠᠶᠠᠯᠢᠭ᠂ ᠬᠠᠨᠳᠣᠯᠭᠠᠲᠣ ᠴᠢᠨᠠᠷ ᠢᠶᠠᠷ ᠴᠢᠩᠭ᠎ᠠ᠂ ᠣᠯᠣᠯᠲᠠ ᠲᠥᠷᠦᠭᠳᠡᠯ ᠭᠦᠨ  ᠪᠠᠶᠢᠵᠣ᠂  ᠬᠤᠶᠢᠰᠢᠳᠠ ᠰᠣᠷᠣᠭᠰᠠᠨ ᠮᠡᠷᠭᠡᠵᠢᠯ ᠢᠶᠠᠨ ᠪᠣᠳᠠᠲᠠᠶᠢᠵᠢᠭᠤᠯᠣᠨ ᠬᠡᠷᠡᠭᠯᠡᠵᠤ᠂ ᠣᠳᠣ ᠦᠶ᠎ᠡ ᠶᠢᠨ ᠠᠳᠣᠭᠤᠨ ᠤ ᠠᠵᠣ ᠦᠢᠯᠡᠰ ᠤᠨ ᠡᠷᠡᠭᠦᠯ  ᠢᠶᠠᠷ  ᠬᠥᠭᠵᠢᠬᠦ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠬᠡᠮᠡᠨ  ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号