ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠬᠠᠤ ᠠᠷᠭ᠎ᠠ ᠬᠡᠮᠵᠢᠶ᠎ᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/31
 ᠪᠠᠷᠠᠭᠤᠨ ᠦᠵᠦᠮᠦᠴᠢᠨ ᠬᠤᠰᠢᠭᠤᠨ ᠤ 2023 ᠣᠨ ᠤ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠬᠠᠤ ᠠᠷᠭ᠎ᠠ ᠬᠡᠮᠵᠢᠶ᠎ᠡ ᠶᠢᠨ ᠲᠠᠶᠢᠯᠤᠮᠵᠢ   ᠦᠨᠥ ᠬᠠᠪᠤᠷ ᠠᠴᠠ ᠨᠠᠰᠢ᠂ ᠮᠠᠨ ᠤ ᠬᠤᠰᠢᠭᠤᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠪᠠᠶᠢᠵᠦ᠂ ᠪᠣᠷᠣᠭᠠᠨ ᠬᠤᠷ᠎ᠠ ᠴᠦᠬᠡᠨ᠂ ᠠᠭᠠᠷ ᠤᠨ ᠳᠤᠯᠠᠭᠠᠨ ᠤ ᠬᠤᠪᠢᠷᠠᠯᠲᠠ ᠬᠡᠪ ᠤᠨ ᠪᠤᠰᠤ ᠪᠠᠶᠢᠵᠤ᠂ ᠶᠡᠭᠡ ᠰᠠᠯᠬᠢᠨ ᠲᠠᠢ ᠠᠭᠤᠷ ᠠᠮᠢᠰᠬᠤᠯ ᠪᠠᠶᠢᠨ ᠳᠠᠬᠢᠨ ᠢᠯᠡᠷᠡᠨ᠂ ᠬᠡᠰᠡᠭ ᠰᠤᠮᠤ ᠪᠠᠯᠭᠠᠰᠤᠨ ᠳᠤ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠶᠡᠬᠡᠬᠡᠨ ᠨᠥᠯᠥᠭᠡ ᠦᠵᠡᠭᠦᠯᠦᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ ᠠᠵᠢᠯ ᠢ ᠦᠨᠡᠨᠬᠦ ᠴᠢᠩᠭᠠᠳᠬᠠᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠭᠠᠮᠰᠢᠭ ᠤᠨ ᠲᠦᠭᠰᠢᠭᠦᠷᠢ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠭᠠᠩ ᠢ ᠠᠷᠭᠠᠴᠠᠬᠤ ᠠᠷᠭ᠎ᠠ ᠬᠡᠮᠵᠢᠶ᠎ᠡ ᠶᠢ ᠠᠪᠴᠤ᠂ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ ᠠᠵᠢᠯ ᠢ ᠪᠥᠬᠦ ᠲᠠᠯ᠎ᠠ ᠪᠠᠷ ᠰᠠᠶᠢᠳᠤᠷ ᠬᠢᠬᠦ ᠪᠠᠷ ᠪᠠᠶᠢᠨ᠎ᠠ᠃   ᠨᠢᠭᠡ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠨ᠎ᠠ   ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠬᠤᠯᠪᠤᠭᠳᠠᠯ ᠪᠦᠬᠦᠢ ᠰᠤᠮᠤ ᠪᠠᠯᠭᠠᠰᠤ᠂ ᠭᠠᠴᠠᠭᠠᠨ ᠤ ᠭᠠᠩ ᠤᠨ ᠪᠠᠶᠢᠳᠠᠯ ᠳᠤ ᠨᠥᠯᠥᠭᠡᠯᠡᠭᠳᠡᠭᠰᠡᠨ ᠪᠣᠳᠠᠲᠠᠢ ᠪᠠᠶᠢᠳᠠᠯ ᠢ ᠦᠨᠳᠦᠰᠦᠯᠡᠨ᠂ ᠠᠵᠢᠯ ᠤᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠲᠤᠰᠬᠠᠢ ᠵᠦᠢᠯ ᠤᠨ ᠪᠡᠯᠡ ᠮᠥᠩᠭᠦ ᠶᠢ ᠳᠠᠷᠤᠢ ᠳᠦᠷᠭᠡᠨ ᠲᠣᠬᠢᠷᠠᠭᠤᠯᠵᠤ᠂ ᠭᠠᠮᠰᠢᠭᠳᠠᠭᠰᠠᠨ ᠬᠡᠮᠵᠢᠶ᠎ᠡ ᠶᠢ ᠦᠨᠳᠦᠰᠦᠯᠡᠨ᠂ ᠲᠤᠭᠳᠠᠭᠰᠠᠨ ᠳᠠᠷᠠᠭᠠᠯᠠᠯ᠂ ᠲᠤᠭᠳᠠᠭᠰᠠᠨ ᠬᠠᠷᠢᠴᠠᠯ ᠢᠶᠠᠷ᠂ 2023 ᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠤᠷᠢᠳᠴᠢᠯᠠᠨ ᠲᠠᠷᠬᠠᠭᠠᠨ᠎ᠠ᠃    ︵ᠬᠤᠶᠠᠷ︶ ᠲᠠᠷᠬᠠᠭᠠᠬᠤ ᠲᠥᠯᠥᠪᠯᠡᠭᠡ᠄ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ 4 ᠪᠦᠯᠦᠭ ᠬᠤᠪᠢᠶᠠᠨ ᠮᠠᠯᠵᠢᠬᠤ ᠡᠷᠦᠬᠡ ᠳᠤ ᠲᠠᠷᠬᠠᠭᠠᠨ᠎ᠠ᠃ ᠨᠢᠭᠡᠳᠦᠭᠡᠷ ᠪᠦᠯᠦᠭ ᠲᠤ᠂ ᠪᠠᠶᠠᠨᠬᠤᠰᠢᠭᠤ ᠰᠤᠮᠤ᠂ ᠤᠯᠠᠭᠠᠨᠬᠠᠯᠠᠭ᠎ᠠ ᠰᠤᠮᠤ᠂ ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠭᠠᠩ ᠬᠠᠭᠰᠠᠷᠠᠭᠠᠨ ᠬᠦᠨᠳᠦ ᠨᠣᠴᠢᠲᠠᠢ ᠬᠡᠰᠡᠭ ᠭᠠᠴᠠᠭᠠᠨ ᠤ ᠮᠠᠯᠵᠢᠬᠤ ᠡᠷᠥᠭᠡ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ 50% ᠶᠢ ᠪᠠᠭᠤᠯᠭᠠᠨ᠎ᠠ᠃ ᠬᠤᠶᠠᠳᠤᠭᠠᠷ ᠪᠦᠯᠦᠭ ᠲᠤ᠂ ᠪᠠᠶᠠᠨᠬᠤᠰᠢᠭᠤ ᠰᠤᠮᠤ᠂ ᠤᠯᠠᠭᠠᠨᠬᠠᠯᠠᠭ᠎ᠠ ᠰᠤᠮᠤ᠂ ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠨᠢᠭᠡᠳᠦᠭᠡᠷ ᠪᠦᠯᠦᠭ ᠲᠤ ᠨᠦᠬᠦᠪᠦᠷᠢ ᠶᠢᠨ ᠪᠡᠯᠡ ᠮᠥᠩᠭᠦ ᠪᠠᠭᠤᠯᠭᠠᠭ᠎ᠠ ᠦᠭᠡᠢ ᠭᠠᠴᠠᠭᠠᠨ ᠤ ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ 50% ᠶᠢ ᠪᠠᠭᠤᠯᠭᠠᠨ᠎ᠠ᠃ ᠭᠤᠷᠪᠠᠳᠤᠭᠠᠷ ᠪᠦᠯᠦᠭ ᠲᠤ᠂ ᠪᠠᠶᠠᠨᠬᠤᠸᠠ ᠪᠠᠯᠭᠠᠰᠤ᠂ ᠭᠤᠷᠤᠬᠠᠨ ᠪᠠᠯᠭᠠᠰᠤᠨ ᠤ ᠡᠯ᠎ᠡ ᠭᠠᠴᠠᠭᠠᠨ ᠳᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ 50% ᠶᠢ ᠪᠠᠭᠤᠯᠭᠠᠨ᠎ᠠ᠃ ᠳᠦᠷᠪᠡᠳᠦᠭᠡᠷ ᠪᠦᠯᠦᠭ ᠲᠤ ᠂ ᠡᠯ᠎ᠡ ᠰᠤᠮᠤ ᠪᠠᠯᠭᠠᠰᠤᠨ ᠤ ᠮᠠᠯᠵᠢᠬᠤ ᠡᠷᠦᠬᠡ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠦᠯᠡᠳᠡᠭᠰᠡᠨ 50% ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠦᠭᠡᠢ ᠮᠠᠯᠵᠢᠬᠤ ᠡᠷᠦᠬᠡ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠦᠯᠡᠳᠡᠭᠰᠡᠨ 50% ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ  ᠣᠯᠭᠤᠬᠤ ᠦᠭᠡᠢ᠃   ︵ᠭᠤᠷᠪᠠ︶ ᠲᠠᠷᠬᠠᠭᠠᠬᠤ ᠬᠡᠪᠴᠢᠶ᠎ᠡ᠄ ᠪᠥᠬᠦ ᠬᠤᠰᠢᠭᠤᠨ ᠤ 93 ᠭᠠᠴᠠᠭ᠎ᠠ᠃   ︵ᠳᠥᠷᠪᠡ︶ ᠲᠠᠷᠬᠠᠭᠠᠬᠤ ᠴᠠᠭ᠄ ᠨᠢᠭᠡᠳᠦᠭᠡᠷ ᠪᠦᠯᠦᠭ ᠢ 2023 ᠣᠨ ᠤ 6 ᠰᠠᠷ᠎ᠠ ᠶᠢᠨ 25 ᠤ ᠡᠳᠦᠷ ᠠᠴᠠ 2023 ᠣᠨ ᠤ 7 ᠰᠠᠷ᠎ᠠ ᠶᠢᠨ 8 ᠤ ᠡᠳᠦᠷ ᠪᠤᠯᠲᠠᠯ᠎ᠠ᠂ ᠬᠤᠶᠠᠳᠤᠭᠠᠷ ᠪᠦᠯᠦᠭ ᠢ 2023 ᠣᠨ ᠤ 7 ᠰᠠᠷ᠎ᠠ ᠶᠢᠨ 9 ᠤ ᠡᠳᠦᠷ ᠠᠴᠠ 2023 ᠣᠨ ᠤ 7 ᠰᠠᠷ᠎ᠠ ᠶᠢᠨ 15 ᠤ ᠡᠳᠦᠷ ᠪᠤᠯᠲᠠᠯ᠎ᠠ᠂ ᠭᠤᠷᠪᠠᠳᠤᠭᠠᠷ ᠪᠦᠯᠦᠭ ᠢ 2023 ᠣᠨ ᠤ 7 ᠰᠠᠷ᠎ᠠ ᠶᠢᠨ 16 ᠤ ᠡᠳᠦᠷ ᠠᠴᠠ 2023 ᠣᠨ ᠤ 7 ᠰᠠᠷ᠎ᠠ ᠶᠢᠨ 25 ᠤ ᠡᠳᠦᠷ ᠪᠤᠯᠲᠠᠯ᠎ᠠ᠂ ᠳᠥᠷᠪᠡᠳᠦᠭᠡᠷ ᠪᠦᠯᠦᠭ ᠢ 2023 ᠣᠨ ᠤ 10 ᠰᠠᠷ᠎ᠠ ᠶᠢᠨ 8 ᠤ ᠡᠳᠦᠷ ᠠᠴᠠ 2023 ᠣᠨ ᠤ 11 ᠰᠠᠷ᠎ᠠ ᠶᠢᠨ 20 ᠤ ᠡᠳᠦᠷ ᠪᠤᠯᠲᠠᠯ᠎ᠠ ᠲᠠᠷᠬᠠᠭᠠᠨ᠎ᠠ᠃   ︵ᠲᠠᠪᠤ︶ ᠠᠵᠢᠯ ᠤᠨ ᠶᠠᠪᠤᠴᠠ᠄ ᠡᠮᠦᠨ᠎ᠡ ᠭᠤᠷᠪᠠᠨ ᠪᠦᠯᠦᠭ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠬᠤ ᠳᠤ ᠰᠤᠮᠤ ᠪᠠᠯᠭᠠᠰᠤ ᠨᠢ ᠡᠷᠬᠡᠪᠰᠢ 6 ᠰᠠᠷ᠎ᠠ ᠶᠢᠨ 28 ᠤ ᠡᠳᠦᠷ ᠠᠴᠠ ᠡᠮᠦᠨ᠎ᠡ ᠭᠠᠴᠠᠭ᠎ᠠ ᠪᠠᠷ ᠨᠢᠭᠡᠴᠢ ᠪᠣᠯᠭᠠᠨ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠰᠤᠮᠤ ᠪᠠᠯᠭᠠᠰᠤᠨ ᠤ ᠮᠡᠳᠡᠭᠦᠯᠵᠦ ᠢᠷᠡᠭᠰᠡᠨ ᠪᠢᠴᠢᠭ ᠪᠠᠷᠢᠮᠲᠠ ᠶᠢ ᠦᠨᠳᠦᠰᠦᠯᠡᠨ᠂ ᠱᠠᠩᠨᠠᠯ ᠨᠦᠬᠦᠪᠦᠷᠢ ᠶᠢᠨ ᠪᠡᠯᠡ ᠮᠥᠩᠭᠦ ᠶᠢ ᠲᠤᠭᠳᠠᠭᠰᠠᠨ ᠬᠤᠪᠢᠶᠠᠷᠢᠯᠠᠯ ᠢᠶᠠᠷ  ᠪᠠᠭᠤᠯᠭᠠᠨ᠎ᠠ᠃ ᠳᠥᠷᠪᠡᠳᠦᠭᠡᠷ ᠪᠦᠯᠦᠭ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠬᠤ ᠳᠤ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠳᠦᠷ ᠲᠤᠲᠤᠮ ᠤᠨ ᠴᠠᠭᠳᠠᠨ ᠪᠠᠶᠢᠴᠠᠭᠠᠭᠰᠠᠨ ᠲᠡᠮᠳᠡᠭᠯᠡᠯ ᠢᠶᠠᠷ ᠦᠨᠳᠦᠰᠦᠯᠡᠯ ᠪᠣᠯᠭᠠᠵᠤ᠂ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠦᠯᠡᠳᠡᠭᠰᠡᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠪᠠᠭᠤᠯᠭᠠᠨ᠎ᠠ᠃    ︵ᠵᠢᠷᠭᠤᠭ᠎ᠠ︶ ᠬᠢᠨᠠᠨ ᠬᠠᠮᠢᠶᠠᠷᠤᠯᠲᠠ ᠶᠢᠨ ᠲᠠᠯ᠎ᠠ ᠪᠠᠷ᠄ ᠡᠯ᠎ᠡ ᠰᠤᠮᠤ ᠪᠠᠯᠭᠠᠰᠤ ᠨᠢ ᠭᠠᠩ ᠬᠠᠭᠰᠠᠷᠠᠭᠠᠨ ᠬᠦᠨᠳᠦ ᠨᠣᠴᠢᠲᠠᠢ ᠭᠠᠴᠠᠭ᠎ᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠬᠢᠨᠠᠨ ᠬᠠᠷᠭᠤᠭᠤᠯᠵᠤ ᠢᠯᠡ ᠨᠡᠶᠢᠲᠡᠯᠡᠬᠦ ᠵᠡᠷᠭᠡ ᠠᠵᠢᠯ ᠢ ᠴᠢᠩᠭ᠎ᠠ ᠠᠳᠬᠤᠵᠤ᠂ ᠮᠠᠯᠵᠢᠬᠤ ᠡᠷᠦᠬᠡ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠲᠠᠷᠬᠠᠭᠠᠬᠤ ᠳᠤ ᠠᠳᠡᠭᠦᠦ ᠪᠤᠷᠤᠭᠤ ᠤᠶᠢᠯᠠᠭᠠᠯᠳᠠ ᠭᠠᠷᠬᠤ ᠠᠴᠠ ᠵᠠᠶᠢᠯᠠᠰᠬᠢᠬᠦ ᠬᠡᠷᠡᠭᠲᠡᠢ᠃ᠬᠠᠷᠢᠯᠴᠠᠬᠤ ᠬᠦᠮᠦᠨ᠄ ᠤᠤᠭᠠᠨ        ᠬᠠᠷᠢᠯᠴᠠᠬᠤ ᠤᠲᠠᠰᠤ᠄ 15004798864   ᠬᠤᠶᠠᠷ᠂ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠬᠦ ᠨᠥᠭᠡᠴᠡᠯᠡᠯᠲᠡ ᠶᠢ ᠰᠠᠶᠢᠲᠤᠷ ᠬᠢᠬᠦ ᠬᠡᠷᠡᠭᠲᠡᠢ   ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠡᠯ᠎ᠡ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠢ ᠪᠣᠯᠭᠠᠨ᠂ ᠡᠪᠡᠰᠦ ᠪᠣᠷᠳᠤᠭ᠎ᠠ ᠶᠢ ᠵᠦᠭᠡᠭᠡᠪᠦᠷᠢᠯᠡᠬᠦ ᠠᠵᠢᠯ ᠢ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠥᠷᠨᠢᠭᠦᠯᠵᠦ᠂ ᠭᠠᠩ ᠤᠨ ᠪᠠᠶᠢᠳᠠᠯ ᠳᠤ ᠨᠥᠯᠥᠭᠡᠯᠡᠭᠳᠡᠭᠰᠡᠨ ᠮᠠᠯᠴᠢᠨ ᠲᠦᠮᠡᠨ ᠢ ᠢᠳᠡᠪᠬᠢᠲᠡᠢ ᠪᠠᠷ ᠬᠠᠪᠰᠤᠷᠤᠨ᠂ ᠴᠢᠨᠠᠷ ᠰᠠᠶᠢᠲᠠᠢ ᠡᠪᠡᠰᠦ ᠪᠣᠷᠳᠤᠭ᠎ᠠ ᠶᠢ ᠬᠠᠷᠢᠯᠴᠠᠵᠤ᠂ ᠭᠠᠮᠰᠢᠭᠳᠠᠭᠰᠠᠨ ᠬᠡᠮᠵᠢᠶ᠎ᠡ ᠶᠢ ᠦᠨᠳᠦᠰᠦᠯᠡᠨ᠂ ᠭᠠᠩ ᠤᠨ ᠪᠠᠶᠢᠳᠠᠯ ᠳᠤ ᠨᠥᠯᠥᠭᠡᠯᠡᠭᠳᠡᠭᠰᠡᠨ ᠮᠠᠯ ᠤᠨ ᠬᠡᠷᠡᠭᠰᠡᠬᠦ ᠡᠪᠡᠰᠦ ᠪᠣᠷᠳᠤᠭ᠎ᠠ ᠶᠢ ᠡᠮᠬᠢ ᠵᠢᠷᠤᠮ ᠲᠠᠢ ᠪᠥᠭᠡᠳ ᠪᠠᠲᠤᠯᠠᠭ᠎ᠠ ᠲᠠᠢ ᠪᠠᠷ ᠲᠠᠷᠬᠠᠭᠠᠨ᠎ᠠ᠃   ︵ᠬᠤᠶᠠᠷ︶ ᠨᠥᠬᠦᠪᠦᠷᠢ ᠥᠭᠬᠦ ᠪᠠᠷᠢᠮᠵᠢᠶ᠎ᠠ᠄ ᠡᠪᠡᠰᠦ᠂ ᠨᠤᠭᠤᠭᠠᠨ ᠳᠠᠷᠤᠰᠢ᠂ ᠪᠦᠬᠦᠯᠢ ᠬᠤᠯᠢᠮᠠᠭ ᠪᠤᠷᠳᠤᠭ᠎ᠠ ᠳᠤ ᠲᠣᠨ ᠪᠦᠷᠢ ᠳᠤ 200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠴᠦ᠂ ᠭᠤᠷᠪᠠᠨ ᠵᠦᠢᠯ ᠤᠨ ᠲᠡᠵᠢᠭᠡᠯ ᠡᠪᠡᠰᠦ ᠪᠣᠷᠳᠤᠭ᠎ᠠ ᠶᠢᠨ ᠨᠥᠬᠦᠪᠦᠷᠢ ᠶᠢ ᠡᠷᠥᠭᠡ ᠪᠦᠷᠢ ᠳᠤ ᠨᠡᠶᠢᠳᠡ 10 ᠲᠣᠨ ᠠᠴᠠ ᠬᠡᠳᠦᠷᠡᠬᠦᠯᠬᠦ ᠦᠭᠡᠢ ᠪᠠᠶᠢᠵᠦ᠂ ᠨᠥᠬᠦᠪᠦᠷᠢ ᠶᠢᠨ ᠪᠡᠯᠡ ᠮᠦᠩᠭᠦ ᠶᠢ ᠬᠠᠮᠤᠭ ᠤᠨ ᠥᠨᠳᠥᠷ ᠲᠡᠭᠡᠨ ᠡᠷᠥᠭᠡ ᠪᠦᠷᠢ ᠳᠤ 2000 ᠲᠥᠭᠦᠷᠢᠭ ᠠᠴᠠ ᠬᠡᠳᠦᠷᠡᠬᠦᠯᠬᠦ ᠦᠭᠡᠢ᠃   ︵ᠭᠤᠷᠪᠠ︶ ᠨᠥᠬᠦᠪᠦᠷᠢ ᠥᠭᠬᠦ ᠬᠡᠪᠴᠢᠶ᠎ᠡ᠄ ᠪᠠᠶᠠᠨᠬᠤᠰᠢᠭᠤ ᠰᠤᠮᠤ᠂ ᠤᠯᠠᠭᠠᠨᠬᠠᠯᠠᠭ᠎ᠠ ᠰᠤᠮᠤ᠂ ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠭᠠᠩ ᠬᠠᠭᠰᠠᠷᠠᠭᠠᠨ ᠳᠤ ᠨᠡᠯᠢᠶᠡᠳ ᠬᠦᠨᠳᠦ ᠨᠣᠴᠢᠲᠠᠢ ᠭᠠᠮᠰᠢᠭᠳᠠᠭᠰᠠᠨ ᠭᠠᠴᠠᠭᠠᠨ ᠤ ᠮᠠᠯᠵᠢᠬᠤ ᠡᠷᠥᠭᠡ ᠳᠤ ᠨᠦᠬᠦᠪᠦᠷᠢ ᠣᠯᠭᠤᠨ᠎ᠠ᠃   ︵ᠳᠥᠷᠪᠡ︶ ᠨᠥᠬᠦᠪᠦᠷᠢ ᠥᠭᠬᠦ ᠴᠠᠭ ᠬᠤᠭᠤᠴᠠᠭ᠎ᠠ᠄ 2023 ᠣᠨ ᠤ 6 ᠰᠠᠷ᠎ᠠ ᠶᠢᠨ 25 ᠤ ᠡᠳᠦᠷ ︱ 2023 ᠣᠨ ᠤ 7 ᠰᠠᠷ᠎ᠠ ᠶᠢᠨ 15 ᠤ ᠡᠳᠦᠷ᠃   ︵ᠲᠠᠪᠤ︶ ᠠᠵᠢᠯ ᠤᠨ ᠶᠠᠪᠤᠴᠠ᠄ ᠡᠯ᠎ᠡ ᠰᠤᠮᠤ ᠪᠠᠯᠭᠠᠰᠤ ᠨᠢ ᠭᠠᠩ ᠬᠠᠭᠰᠠᠷᠠᠭᠠᠨ ᠤ ᠪᠠᠶᠢᠳᠠᠯ ᠳᠤ ᠨᠥᠯᠥᠭᠡᠯᠡᠭᠳᠡᠭᠰᠡᠨ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠳᠠᠢ ᠪᠦᠷᠢᠳᠬᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠭᠠᠴᠠᠭ᠎ᠠ ᠶᠢ ᠵᠣᠬᠢᠶᠠᠨ ᠪᠠᠶᠢᠭᠤᠯᠵᠤ᠂ ᠨᠢᠭᠡᠳᠦᠯᠲᠡᠢ ᠵᠦᠭᠡᠭᠡᠪᠦᠷᠢᠯᠡᠵᠦ ᠲᠠᠷᠬᠠᠭᠠᠬᠤ ᠶᠢᠨ ᠬᠠᠮᠲᠤ ᠡᠪᠡᠰᠦ ᠪᠤᠷᠳᠤᠭ᠎ᠠ ᠲᠠᠷᠬᠠᠭᠠᠭᠰᠠᠨ ᠪᠠᠶᠢᠳᠠᠯ ᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ 2023 ᠣᠨ ᠤ 7 ᠰᠠᠷ᠎ᠠ ᠶᠢᠨ 20 ᠤ ᠡᠳᠦᠷ ᠠᠴᠠ ᠡᠮᠦᠨ᠎ᠡ᠂ ᠲᠣᠰ ᠰᠤᠮᠤ ᠪᠠᠯᠭᠠᠰᠤᠨ ᠤ ᠡᠪᠡᠰᠦ ᠪᠣᠷᠳᠤᠭ᠎ᠠ ᠶᠢ ᠵᠦᠭᠡᠭᠡᠪᠦᠷᠢᠯᠡᠨ ᠲᠠᠷᠬᠠᠭᠠᠭᠰᠠᠨ ᠪᠠᠶᠢᠳᠠᠯ ᠢᠶᠠᠨ ᠬᠤᠷᠢᠶᠠᠩᠭᠤᠶᠢᠯᠠᠬᠤ ᠶᠢᠨ ᠬᠠᠮᠲᠤ ᠰᠤᠮᠤ ᠪᠠᠯᠭᠠᠰᠤ᠂ ᠭᠠᠴᠠᠭᠠᠨ ᠤ ᠪᠠᠨ ᠬᠡᠪᠴᠢᠶᠡᠨ ᠳᠤ ᠲᠠᠷᠬᠠᠭᠠᠭᠰᠠᠨ ᠪᠠᠶᠢᠳᠠᠯ ᠢ ᠢᠯᠡ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃   ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠄ ᠬᠠᠮᠢᠶ᠎ᠠ ᠪᠦᠬᠦᠢ ᠰᠤᠮᠤ ᠪᠠᠯᠭᠠᠰᠤ ᠨᠢ ᠡᠪᠡᠰᠦ ᠪᠣᠷᠳᠤᠭ᠎ᠠ ᠶᠢ ᠵᠦᠭᠡᠭᠡᠪᠦᠷᠢᠯᠡᠨ ᠲᠠᠷᠬᠠᠭᠠᠬᠤ ᠠᠵᠢᠯ ᠢ ᠴᠢᠩᠭ᠎ᠠ ᠬᠢᠨᠠᠨ ᠬᠠᠷᠭᠤᠭᠤᠯᠵᠤ᠂ ᠠᠵᠢᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠨᠥᠬᠦᠪᠦᠷᠢ ᠶᠢ ᠬᠢᠬᠠᠨ ᠠᠪᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠨᠥᠬᠦᠪᠦᠷᠢ ᠥᠭᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠵᠦᠭᠡᠭᠡᠪᠦᠷᠢᠯᠡᠵᠦ  ᠲᠠᠷᠬᠠᠭᠠᠭᠰᠠᠨ ᠪᠠᠶᠢᠳᠠᠯ ᠢᠶᠠᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ᠬᠠᠷᠢᠯᠴᠠᠬᠤ ᠬᠦᠮᠦᠨ᠄ ᠮᠦᠡᠭᠭᠡᠨᠵᠠᠭᠠᠨ᠎ᠠ      ᠬᠠᠷᠢᠯᠴᠠᠬᠤ ᠤᠲᠠᠰᠤ᠄ 18586041994  ᠭᠤᠷᠪᠠ᠂ ᠮᠠᠯᠵᠢᠬᠤ ᠡᠷᠥᠭᠡ ᠶᠢᠨ ᠮᠠᠯ ᠢᠶᠠᠨ ᠤᠷᠢᠳᠴᠢᠯᠠᠨ ᠭᠠᠷᠭᠠᠯᠳᠠ ᠬᠢᠬᠦ ᠶᠢ ᠵᠣᠷᠢᠭᠵᠢᠭᠤᠯᠤᠨ᠎ᠠ   ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠬᠠᠷᠢᠭᠤᠴᠠᠨ᠂ ᠮᠠᠯ ᠤᠨ ᠪᠤᠷᠤᠯᠠᠭᠤᠯᠭ᠎ᠠ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠷᠢᠳᠴᠢᠯᠠᠨ ᠠᠵᠢᠯ ᠡᠬᠢᠯᠡᠬᠦᠯᠬᠦ ᠪᠡᠯᠡᠳᠬᠡᠯ ᠠᠵᠢᠯ ᠢ ᠰᠠᠶᠢᠲᠤᠷ ᠬᠢᠯᠭᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠮᠠᠯ ᠤᠨ ᠭᠠᠷᠭᠠᠯᠳᠠ ᠶᠢ ᠦᠨᠡᠨᠬᠦ ᠪᠠᠲᠤᠯᠠᠨ᠂ ᠬᠤᠷᠠᠭ᠎ᠠ  ᠪᠠᠨ ᠤᠷᠢᠳᠴᠢᠯᠠᠨ  ᠬᠦᠢᠳᠡᠨ ᠬᠦᠮᠦᠷᠭᠡ ᠳᠤ ᠪᠤᠷᠤᠯᠠᠭᠤᠯᠬᠤ ᠰᠠᠨᠠᠭᠠᠲᠠᠢ ᠮᠠᠯᠵᠢᠬᠤ ᠡᠷᠥᠭᠡ ᠳᠤ ᠵᠤᠬᠢᠬᠤ ᠨᠥᠬᠦᠪᠦᠷᠢ ᠣᠯᠭᠤᠵᠤ᠂ ᠮᠠᠯᠴᠢᠳ ᠤᠨ ᠮᠠᠯ ᠢᠶᠠᠨ ᠡᠷᠲᠡ ᠭᠠᠷᠭᠠᠯᠳᠠ ᠬᠢᠬᠦ ᠶᠢ ᠵᠤᠷᠢᠭᠵᠢᠭᠤᠯᠤᠨ᠎ᠠ᠃   ︵ᠬᠤᠶᠠᠷ︶ ᠨᠥᠬᠦᠪᠦᠷᠢ ᠶᠢᠨ ᠪᠠᠷᠢᠮᠵᠢᠶ᠎ᠠ᠄ ᠮᠠᠯ ᠤᠨ ᠪᠤᠷᠤᠯᠠᠭᠤᠯᠭ᠎ᠠ ᠶᠢᠨ ᠠᠵᠤ ᠠᠬᠤᠶᠢᠯᠠᠯ ᠢ ᠠᠵᠢᠯ ᠡᠬᠢᠯᠡᠭᠰᠡᠨ ᠤ ᠳᠠᠷᠠᠭ᠎ᠠ᠂ ᠬᠤᠷᠠᠭ᠎ᠠ ᠶᠢᠨ ᠬᠡᠩᠬᠦᠳᠡᠭ ᠤᠨ ᠬᠤᠳᠠᠯᠳᠤᠨ ᠠᠪᠬᠤ ᠦᠨ᠎ᠡ᠂ ᠬᠤᠳᠠᠯᠳᠤᠨ ᠠᠪᠬᠤ ᠪᠡᠶ᠎ᠡ ᠶᠢᠨ ᠬᠦᠨᠳᠦ ᠶᠢᠨ ᠪᠠᠷᠢᠮᠵᠢᠶ᠎ᠠ ᠶᠢ ᠲᠤᠭᠳᠠᠭᠠᠵᠤ᠂ ᠵᠣᠬᠢᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠦᠨ᠎ᠡ᠃︵ᠭᠤᠷᠪᠠ︶ ᠨᠥᠬᠦᠪᠦᠷᠢ ᠶᠢᠨ ᠬᠡᠪᠴᠢᠶ᠎ᠡ᠄ ᠪᠥᠬᠦ ᠬᠤᠰᠢᠭᠤᠨ ᠤ 93 ᠭᠠᠴᠠᠭ᠎ᠠ︵ᠳᠥᠷᠪᠡ︶ ᠨᠥᠬᠦᠪᠦᠷᠢ ᠥᠭᠬᠦ ᠴᠠᠭ ᠬᠤᠭᠤᠴᠠᠭ᠎ᠠ᠄ 2023 ᠣᠨ ᠤ 6 ᠰᠠᠷ᠎ᠠ ᠶᠢᠨ 25 ᠤ ᠡᠳᠦᠷ ︱ 2023 ᠣᠨ ᠤ 7 ᠰᠠᠷ᠎ᠠ ᠶᠢᠨ 25 ᠤ ᠡᠳᠦᠷ᠃︵ᠲᠠᠪᠤ︶ ᠠᠵᠢᠯ ᠤᠨ ᠶᠠᠪᠤᠴᠠ᠄ ᠮᠠᠯ ᠤᠨ ᠪᠤᠷᠤᠯᠠᠭᠤᠯᠭ᠎ᠠ ᠶᠢᠨ ᠠᠵᠤ ᠠᠬᠤᠶᠢᠯᠠᠯ ᠤᠨ ᠠᠵᠢᠯ ᠡᠬᠢᠯᠡᠭᠰᠡᠨ ᠤ ᠳᠠᠷᠠᠭ᠎ᠠ᠂ ᠡᠯ᠎ᠡ ᠰᠤᠮᠤ ᠪᠠᠯᠭᠠᠰᠤ ᠨᠢ ᠵᠢᠭᠠᠨ ᠲᠣᠭᠲᠠᠭᠠᠭᠰᠠᠨ ᠮᠠᠯ ᠨᠢᠲᠤᠯᠬᠤ ᠠᠵᠤ ᠠᠬᠤᠶᠢᠯᠠᠯ ᠳᠤ 1 ᠨᠡᠷ᠎ᠡ ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠭᠡᠵᠢᠯ ᠳᠦᠭᠡᠮᠡᠯᠵᠢᠬᠦᠯᠬᠦ ᠲᠥᠪ ᠤᠨ ᠠᠵᠢᠯᠳᠠᠨ ᠲᠣᠮᠢᠯᠠᠨ ᠲᠤᠬᠠᠢ ᠶᠢᠨ ᠲᠠᠯᠠᠪᠤᠷ ᠲᠤ ᠠᠵᠢᠯᠯᠠᠭᠤᠯᠵᠦ᠂ ᠬᠢᠵᠢᠭ ᠪᠠᠶᠢᠴᠠᠭᠠᠬᠤ ᠶᠢ ᠬᠠᠷᠢᠭᠤᠴᠠᠭᠤᠯᠬᠤ ᠶᠢᠨ ᠬᠠᠮᠲᠤ ᠲᠣᠰ ᠰᠤᠮᠤ ᠪᠠᠯᠭᠠᠰᠤᠨ ᠤ ᠮᠠᠯ ᠤᠨ ᠭᠠᠷᠭᠠᠯᠳᠠ ᠶᠢᠨ ᠪᠠᠶᠢᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠠᠩᠰᠠ ᠡᠪᠬᠡᠮᠡᠯ ᠤᠨ ᠲᠡᠮᠳᠡᠭᠯᠡᠯ ᠪᠠᠶᠢᠭᠤᠯᠤᠨ᠂ ᠨᠥᠬᠦᠪᠦᠷᠢ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠳᠤ ᠦᠨᠳᠦᠰᠦᠯᠡᠯ ᠪᠤᠯᠭᠠᠬᠤ ᠬᠡᠷᠡᠭᠳᠡᠢ᠃︵ᠵᠢᠷᠭᠤᠭ᠎ᠠ︶ ᠬᠢᠨᠠᠨ ᠬᠠᠮᠢᠶᠠᠷᠤᠯᠲᠠ ᠶᠢᠨ ᠲᠠᠯ᠎ᠠ ᠪᠠᠷ᠄ ᠬᠠᠮᠢᠶ᠎ᠠ ᠪᠦᠬᠦᠢ ᠰᠤᠮᠤ ᠪᠠᠯᠭᠠᠰᠤ ᠨᠢ ᠤᠷᠢᠳᠴᠢᠯᠠᠨ ᠭᠠᠷᠭᠠᠯᠳᠠ ᠬᠢᠬᠦ ᠮᠠᠯ ᠳᠤ ᠪᠦᠷᠢᠳᠬᠡᠯ ᠬᠢᠵᠦ᠂ ᠬᠢᠵᠢᠭ ᠪᠠᠶᠢᠴᠠᠭᠠᠬᠤ ᠳᠦᠷᠢᠮ ᠤᠨ ᠶᠣᠰᠣᠭᠠᠷ ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠭᠡᠵᠢᠯ ᠳᠦᠭᠡᠮᠡᠯᠵᠢᠬᠦᠯᠬᠦ ᠲᠥᠪ ᠤᠨ ᠠᠵᠢᠯᠳᠠᠨ ᠢ ᠡᠷᠦᠬᠡ ᠳᠤ ᠭᠦᠨᠵᠡᠭᠡᠶᠢᠷᠡᠬᠦᠯᠦᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠬᠢᠬᠦ ᠶᠢ ᠨᠢᠭᠡᠳᠦᠯᠲᠡᠢ ᠲᠣᠬᠢᠷᠠᠭᠤᠯᠬᠤ ᠶᠢᠨ ᠬᠠᠮᠲᠤ ᠬᠢᠵᠢᠭ ᠪᠠᠶᠢᠴᠠᠭᠠᠭᠰᠠᠨ ᠭᠡᠷᠡᠴᠢ ᠭᠠᠷᠭᠠᠵᠦ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠭᠦᠢᠴᠡᠳᠬᠡᠨ᠎ᠡ᠃ᠬᠠᠷᠢᠯᠴᠠᠬᠤ ᠬᠦᠮᠦᠨ᠄ ᠮᠦᠩᠬᠡᠮᠠᠨᠳᠤᠬᠤ    ᠬᠠᠷᠢᠯᠴᠠᠬᠤ ᠤᠲᠠᠰᠤ᠄ 13664756463ᠳᠥᠷᠪᠡ᠂ ᠮᠠᠯᠴᠢᠳ ᠮᠠᠯ ᠢᠶᠠᠨ ᠪᠡᠯᠴᠢᠭᠡᠷ ᠰᠢᠯᠵᠢᠭᠦᠯᠬᠦ ᠶᠢ ᠵᠣᠷᠢᠭᠵᠢᠭᠤᠯᠤᠨ᠎ᠠ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠮᠠᠯ ᠢᠶᠠᠨ ᠪᠡᠯᠴᠢᠭᠡᠷ ᠰᠢᠯᠵᠢᠭᠦᠯᠬᠦ ᠰᠠᠨᠠᠭ᠎ᠠ ᠲᠠᠢ ᠮᠠᠯᠵᠢᠬᠤ ᠡᠷᠦᠬᠡ ᠳᠤ ᠰᠤᠮᠤ ᠪᠠᠯᠭᠠᠰᠤᠨ ᠠᠴᠠ ᠬᠥᠷᠰᠢ ᠵᠡᠷᠭᠡᠯᠡᠳᠡᠭᠡ ᠬᠤᠰᠢᠭᠤ ᠰᠢᠶᠠᠨ ᠪᠤᠶᠤ ᠰᠤᠮᠤ ᠪᠠᠯᠭᠠᠰᠤ ᠲᠠᠢ ᠬᠠᠷᠢᠯᠴᠠᠵᠤ᠂ ᠭᠠᠩ ᠬᠠᠭᠰᠠᠷᠠᠭᠠᠨ ᠨᠡᠯᠢᠶᠡᠳ ᠬᠦᠨᠳᠦ ᠨᠣᠴᠢᠲᠠᠢ ᠮᠠᠯᠵᠢᠬᠤ ᠡᠷᠦᠬᠡ ᠶᠢ ᠬᠠᠪᠰᠤᠷᠤᠨ ᠮᠠᠯ ᠢᠶᠠᠨ ᠪᠡᠯᠴᠢᠭᠡᠷ ᠰᠢᠯᠵᠢᠭᠦᠯᠬᠦ ᠠᠵᠢᠯ ᠢ ᠥᠷᠨᠢᠭᠦᠯᠦᠨ᠎ᠡ᠃︵ᠬᠤᠶᠠᠷ︶ ᠨᠥᠬᠦᠪᠦᠷᠢ ᠶᠢᠨ ᠪᠠᠷᠢᠮᠵᠢᠶ᠎ᠠ᠄ ᠭᠠᠩ ᠤᠨ ᠪᠠᠶᠢᠳᠠᠯ ᠳᠤ ᠨᠥᠯᠥᠭᠡᠯᠡᠭᠳᠡᠭᠰᠡᠨ ᠮᠠᠯᠵᠢᠬᠤ ᠡᠷᠦᠬᠡ ᠮᠠᠯ ᠢᠶᠠᠨ ᠪᠡᠯᠴᠢᠭᠡᠷ ᠰᠢᠯᠵᠢᠭᠦᠯᠬᠦ ᠳᠤ ᠺᠢᠯᠣᠮᠧᠲᠷ ᠪᠦᠷᠢ ᠳᠤ 10 ᠲᠥᠭᠦᠷᠢᠭ ᠤᠨ ᠲᠡᠭᠡᠭᠡᠪᠦᠷᠢ ᠶᠢᠨ ᠨᠥᠬᠦᠪᠦᠷᠢ  ︵ᠰᠢᠯᠵᠢᠭᠦᠯᠬᠦ ᠮᠠᠯ ᠤᠨ ᠲᠤᠭ᠎ᠠ ᠲᠣᠯᠣᠭᠠᠢ ᠨᠢ100 ᠬᠤᠨᠢ ᠪᠤᠶᠤ 20 ᠦᠬᠡᠷ ᠠᠴᠠ ᠳᠡᠭᠡᠭᠰᠢ ᠪᠠᠶᠢᠬᠤ ᠬᠡᠷᠡᠭᠳᠡᠢ︶ ᠣᠯᠭᠤᠨ᠎ᠠ᠂ ᠬᠤᠰᠢᠭᠤᠨ ᠳᠤᠳᠤᠷ᠎ᠠ ᠪᠠᠨ ᠮᠠᠯ ᠢᠶᠠᠨ ᠰᠢᠯᠵᠢᠭᠦᠯᠬᠦ ᠳᠤ ᠡᠷᠦᠬᠡ ᠪᠦᠷᠢ ᠶᠢᠨ ᠨᠥᠬᠦᠪᠦᠷᠢ ᠶᠢ 1500 ᠲᠥᠭᠦᠷᠢᠭ ᠠᠴᠠ ᠬᠡᠲᠦᠷᠡᠭᠦᠯᠬᠦ ᠦᠭᠡᠢ᠂ ᠬᠤᠰᠢᠭᠤ ᠰᠢᠶᠠᠨ ᠠᠯᠤᠰᠯᠠᠨ ᠮᠠᠯ ᠢᠶᠠᠨ ᠪᠡᠯᠴᠢᠭᠡᠷ ᠰᠢᠯᠵᠢᠭᠦᠯᠬᠦ ᠳᠤ ᠡᠷᠦᠬᠡ ᠪᠦᠷᠢ ᠶᠢᠨ ᠨᠥᠬᠦᠪᠦᠷᠢ ᠶᠢ 2500 ᠲᠥᠭᠦᠷᠢᠭ ᠠᠴᠠ ᠬᠡᠲᠦᠷᠡᠭᠦᠯᠬᠦ ᠦᠭᠡᠢ᠃︵ᠭᠤᠷᠪᠠ︶ ᠨᠥᠬᠦᠪᠦᠷᠢ ᠥᠭᠬᠦ ᠬᠡᠪᠴᠢᠶ᠎ᠡ᠄ ᠪᠠᠶᠠᠨᠬᠤᠰᠢᠭᠤ ᠰᠤᠮᠤ᠂ ᠤᠯᠠᠭᠠᠨᠬᠠᠯᠠᠭ᠎ᠠ ᠰᠤᠮᠤ᠂ ᠵᠢᠷ ᠤᠨ ᠭᠤᠣᠯ ᠪᠠᠯᠭᠠᠰᠤ᠂ ᠬᠤᠭᠤᠯᠠᠳᠤ ᠶᠢᠨ ᠭᠤᠣᠯ ᠪᠠᠯᠭᠠᠰᠤᠨ ᠤ ᠭᠠᠩ ᠬᠠᠭᠰᠠᠷᠠᠭᠠᠨ ᠳᠤ ᠬᠦᠨᠳᠦ ᠭᠠᠮᠰᠢᠭᠳᠠᠭᠰᠠᠨ ᠭᠠᠴᠠᠭᠠᠨ ᠤ ᠮᠠᠯᠵᠢᠬᠤ ᠡᠷᠦᠬᠡ ᠳᠤ ᠤᠯᠭᠤᠨ᠎ᠠ᠃︵ᠳᠥᠷᠪᠡ︶ ᠨᠥᠬᠦᠪᠦᠷᠢ ᠥᠭᠬᠦ ᠴᠠᠭ ᠬᠤᠭᠤᠴᠠᠭ᠎ᠠ᠄ 2023 ᠣᠨ ᠤ 6 ᠰᠠᠷ᠎ᠠ ᠶᠢᠨ 25 ᠤ ᠡᠳᠦᠷ ︱ 2023 ᠣᠨ ᠤ 7 ᠰᠠᠷ᠎ᠠ ᠶᠢᠨ 15 ᠤ ᠡᠳᠦᠷ᠃︵ᠲᠠᠪᠤ︶ ᠠᠵᠢᠯ ᠤᠨ ᠶᠠᠪᠤᠴᠠ᠄ ᠡᠯ᠎ᠡ ᠰᠤᠮᠤ ᠪᠠᠯᠭᠠᠰᠤ ᠨᠢ ᠭᠠᠩ ᠬᠠᠭᠰᠠᠷᠠᠭᠠᠨ ᠤ ᠨᠥᠯᠥᠭᠡ ᠠᠴᠠ ᠪᠣᠯᠵᠤ ᠮᠠᠯ ᠢᠶᠠᠨ ᠪᠡᠯᠴᠢᠭᠡᠷ ᠰᠢᠯᠵᠢᠬᠦᠯᠦᠭᠰᠡᠨ ᠮᠠᠯᠵᠢᠬᠤ ᠡᠷᠦᠬᠡ ᠶᠢᠨ ᠪᠠᠶᠢᠳᠠᠯ ᠢ ᠡᠵᠡᠮᠰᠢᠵᠦ᠂ 2023 ᠣᠨ ᠤ 7 ᠰᠠᠷ᠎ᠠ ᠶᠢᠨ 20 ᠤ ᠡᠳᠦᠷ ᠠᠴᠠ ᠡᠮᠦᠨ᠎ᠡ᠂ ᠲᠣᠰ ᠰᠤᠮᠤ ᠪᠠᠯᠭᠠᠰᠤᠨ ᠤ ᠪᠠᠨ ᠮᠠᠯ ᠢᠶᠠᠨ ᠰᠢᠯᠵᠢᠬᠦᠯᠦᠭᠰᠡᠨ ᠪᠠᠶᠢᠳᠠᠯ ᠢ ᠬᠤᠷᠢᠶᠠᠩᠭᠤᠶᠢᠯᠠᠬᠤ ᠶᠢᠨ ᠬᠠᠮᠲᠤ ᠰᠤᠮᠤ ᠪᠠᠯᠭᠠᠰᠤ᠂ ᠭᠠᠴᠠᠭᠠᠨ ᠤ ᠪᠠᠨ ᠬᠡᠪᠴᠢᠶᠡᠨ ᠳᠤ ᠢᠯᠡ ᠨᠡᠶᠢᠲᠡᠯᠡᠭᠰᠡᠨ ᠤ ᠳᠠᠷᠠᠭ᠎ᠠ᠂ ᠮᠠᠯ ᠢᠶᠠᠨ ᠪᠡᠯᠴᠢᠭᠡᠷ ᠰᠢᠯᠵᠢᠬᠦᠯᠦᠭᠰᠡᠨ ᠭᠡᠷ᠎ᠡ᠂ ᠭᠠᠴᠠᠭᠠᠨ ᠤ ᠭᠡᠷᠡᠴᠢ᠂ ᠰᠤᠮᠤ ᠪᠠᠯᠭᠠᠰᠤᠨ ᠤ ᠳ᠋ᠦᠩᠨᠡᠭᠰᠡᠨ ᠮᠠᠲ᠋ᠧᠷᠢᠶᠠᠯ ᠢ ᠬᠠᠮᠲᠤ ᠳᠤᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠳᠡᠢ᠃︵ᠵᠢᠷᠭᠤᠭ᠎ᠠ︶ ᠬᠢᠨᠠᠨ ᠬᠠᠮᠢᠶᠠᠷᠤᠯᠲᠠ ᠶᠢᠨ ᠲᠠᠯ᠎ᠠ ᠪᠠᠷ᠄ ᠬᠠᠮᠢᠶ᠎ᠠ ᠪᠦᠬᠦᠢ ᠰᠤᠮᠤ ᠪᠠᠯᠭᠠᠰᠤ ᠨᠢ ᠮᠠᠯ ᠢᠶᠠᠨ ᠪᠡᠯᠴᠢᠭᠡᠷ ᠰᠢᠯᠵᠢᠭᠦᠯᠬᠦ ᠳᠤ ᠨᠥᠬᠦᠪᠦᠷᠢ ᠣᠯᠭᠤᠬᠤ ᠠᠵᠢᠯ ᠢ ᠴᠢᠩᠭ᠎ᠠ ᠬᠢᠨᠠᠨ ᠬᠠᠷᠭᠤᠭᠤᠯᠵᠤ᠂ ᠮᠠᠯ  ᠢᠶᠠᠨ ᠪᠡᠯᠴᠢᠭᠡᠷ ᠰᠢᠯᠵᠢᠬᠦᠯᠦᠭᠰᠡᠨ ᠡᠷᠦᠬᠡ᠂ ᠭᠥᠯᠢᠶᠡᠨ ᠠᠪᠤᠭᠰᠠᠨ ᠲᠠᠯ᠎ᠠ ᠶᠢᠨ ᠭᠡᠷᠡᠴᠢᠯᠡᠬᠦ ᠮᠠᠲ᠋ᠧᠷᠢᠶᠠᠯ ᠵᠢᠴᠢ ᠮᠠᠯ ᠢᠶᠠᠨ ᠪᠡᠯᠴᠢᠭᠡᠷ ᠰᠢᠯᠵᠢᠬᠦᠯᠦᠭᠰᠡᠨ ᠭᠡᠷ᠎ᠡ ᠵᠡᠷᠭᠡ ᠮᠠᠲ᠋ᠧᠷᠢᠶᠡᠯ ᠢ ᠦᠨᠳᠦᠰᠦᠯᠡᠨ᠂ ᠠᠵᠢᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠨᠥᠬᠦᠪᠦᠷᠢ ᠶᠢ ᠬᠢᠬᠠᠨ ᠠᠪᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ᠬᠠᠷᠢᠯᠴᠠᠬᠤ ᠬᠦᠮᠦᠨ᠄ ᠮᠦᠡᠭᠭᠡᠨᠵᠠᠭᠠᠨ᠎ᠠ     ᠬᠠᠷᠢᠯᠴᠠᠬᠤ ᠤᠲᠠᠰᠤ᠄ 18586041994ᠲᠠᠪᠤ᠂ ᠬᠤᠨᠢᠨ ᠤ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠲᠥᠯᠥᠪᠦᠷᠢ ᠶᠢᠨ ᠠᠵᠢᠯ ᠢ ᠡᠬᠢᠯᠡᠭᠦᠯᠦᠨ᠎ᠡ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠬᠠᠮᠳᠤᠷᠠᠨ ᠬᠠᠷᠢᠭᠤᠴᠠᠵᠦ᠂ ᠳᠠᠭᠠᠳᠬᠠᠯ ᠤᠨ ᠪᠠᠶᠢᠭᠤᠯᠤᠮᠵᠢ ᠲᠠᠢ ᠢᠳᠡᠪᠬᠢᠲᠡᠢ ᠬᠠᠷᠢᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠠᠭᠠᠭᠤᠯᠢ ᠣᠲᠣ ᠪᠠ ᠠᠯᠤᠰ ᠰᠡᠷᠡᠯ ᠤᠨ ᠮᠡᠷᠭᠡᠵᠢᠯ ᠤᠨ ᠲᠤᠭ᠎ᠠ ᠪᠠᠷᠢᠮᠳᠠ ᠶᠢ ᠠᠰᠢᠭᠯᠠᠨ᠂ ᠪᠣᠳᠠᠲᠠᠢ ᠲᠠᠢ ᠪᠠᠨ ᠤᠶᠠᠯᠳᠤᠭᠤᠯᠤᠨ ᠭᠠᠩ ᠤᠨ ᠪᠠᠶᠢᠳᠠᠯ ᠢ ᠵᠦᠢ ᠵᠣᠬᠢᠰᠲᠠᠢ ᠮᠠᠭᠠᠳᠯᠠᠨ ᠲᠣᠭᠲᠠᠭᠠᠵᠤ᠂ ᠲᠥᠯᠥᠪᠦᠷᠢ ᠥᠭᠬᠦ ᠠᠵᠢᠯ ᠢ ᠤᠷᠢᠳᠴᠢᠯᠠᠨ ᠡᠬᠢᠯᠡᠬᠦᠯᠦᠨ᠎ᠡ᠃ᠵᠢᠷᠭᠤᠭ᠎ᠠ᠂ ᠮᠠᠯᠴᠢᠳ ᠤᠨ ᠠᠮᠢᠳᠤ ᠮᠠᠯ ᠤᠨ ᠭᠠᠷᠭᠠᠯᠳᠠ ᠬᠢᠬᠦ ᠶᠢ ᠵᠣᠷᠢᠭᠵᠢᠭᠤᠯᠤᠨ᠎ᠠ︵ᠨᠢᠭᠡ︶ ᠠᠵᠢᠯ ᠤᠨ ᠠᠷᠭ᠎ᠠ ᠬᠡᠮᠵᠢᠶ᠎ᠡ᠄ ᠬᠤᠰᠢᠭᠤᠨ ᠳᠣᠲᠣᠷᠠᠬᠢ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠠᠮᠢᠳᠤ ᠮᠠᠯ ᠤᠨ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ᠂ ᠡᠳ᠋ ᠤᠨ ᠵᠠᠰᠠᠭ ᠢᠶᠠᠷ ᠲᠡᠳᠬᠦᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯ ᠤᠨ ᠠᠷᠠᠯᠵᠢᠶᠠᠨ ᠤ ᠵᠠᠬ᠎ᠠ ᠶᠢᠨ ᠢᠳᠡᠪᠬᠢᠵᠢᠯ ᠢ ᠳᠡᠭᠡᠭᠰᠢᠯᠡᠭᠦᠯᠵᠦ᠂ ᠪᠤᠳᠠ ᠮᠠᠯ ᠤᠨ ᠭᠠᠷᠭᠠᠯᠲᠠ ᠶᠢᠨ ᠡᠷᠴᠢᠮ ᠢ ᠲᠦᠷᠭᠡᠳᠬᠡᠨ᠂ ᠪᠤᠳᠠ ᠮᠠᠯ ᠤᠨ ᠭᠠᠷᠭᠠᠯᠲᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃︵ᠬᠤᠶᠠᠷ︶ ᠨᠦᠬᠦᠪᠦᠷᠢ ᠱᠠᠩᠨᠠᠯ ᠤᠨ ᠪᠠᠷᠢᠮᠵᠢᠶ᠎ᠠ᠄ 7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ 800 ᠲᠣᠯᠣᠭᠠᠢ ᠪᠤᠳᠠ ᠮᠠᠯ ᠤᠨ ᠠᠷᠠᠯᠵᠢᠶ᠎ᠠ ᠶᠢ ᠪᠡᠶᠡᠯᠡᠭᠦᠯᠦᠭᠰᠡᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ 4 ᠲᠦᠮᠡᠨ ᠲᠥᠭᠦᠷᠢᠭ ︵ᠲᠣᠯᠣᠭᠠᠢ ᠪᠦᠷᠢ ᠳᠤ 50 ᠲᠥᠭᠦᠷᠢᠭ︶ ᠱᠠᠩᠨᠠᠨ᠎ᠠ᠃ 8 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ᠂ 2000 ᠲᠣᠯᠣᠭᠠᠢ ᠪᠤᠳᠠ ᠮᠠᠯ ᠤᠨ ᠠᠷᠠᠯᠵᠢᠶ᠎ᠠ ᠶᠢ ᠪᠡᠶᠡᠯᠡᠭᠦᠯᠦᠭᠰᠡᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ 6 ᠲᠦᠮᠡᠨ ᠲᠥᠭᠦᠷᠢᠭ ︵ᠲᠣᠯᠣᠭᠠᠢ ᠪᠦᠷᠢ ᠳᠤ 30 ᠲᠥᠭᠦᠷᠢᠭ︶ ᠱᠠᠩᠨᠠᠨ᠎ᠠ᠃ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ 3000 ᠲᠣᠯᠣᠭᠠᠢ ᠪᠤᠳᠠ ᠮᠠᠯ ᠤᠨ ᠠᠷᠠᠯᠵᠢᠶ᠎ᠠ ᠶᠢ ᠪᠡᠶᠡᠯᠡᠭᠦᠯᠦᠭᠰᠡᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ 6 ᠲᠦᠮᠡᠨ ᠲᠥᠭᠦᠷᠢᠭ ︵ᠲᠣᠯᠣᠭᠠᠢ ᠪᠦᠷᠢ ᠳᠤ 20 ᠲᠥᠭᠦᠷᠢᠭ︶ ᠱᠠᠩᠨᠠᠨ᠎ᠠ᠃︵ᠭᠤᠷᠪᠠ︶ ᠱᠠᠩᠨᠠᠬᠤ ᠬᠡᠪᠴᠢᠶ᠎ᠡ᠄ ᠮᠠᠨ ᠤ ᠬᠤᠰᠢᠭᠤᠨ ᠳᠤ ᠳᠠᠩᠰᠠᠯᠠᠭᠤᠯᠤᠭᠰᠠᠨ ᠠᠮᠢᠳᠤ ᠮᠠᠯ ᠤᠨ ᠠᠷᠠᠯᠵᠢᠶᠠᠨ ᠤ ᠵᠠᠬ᠎ᠠ᠂ ᠲᠣᠰ ᠬᠤᠰᠢᠭᠤᠨ ᠤ ᠮᠠᠯᠵᠢᠬᠤ ᠡᠷᠦᠬᠡ ᠶᠢᠨ ᠠᠷᠠᠯᠵᠢᠶᠠᠯᠠᠭᠰᠠᠨ ᠪᠣᠲᠠ ᠮᠠᠯ ᠤᠨ ᠲᠤᠭ᠎ᠠ ᠲᠣᠯᠣᠭᠠᠢ ᠪᠠᠷ ᠪᠠᠷᠢᠮᠵᠢᠶ᠎ᠠ ᠪᠣᠯᠭᠠᠨ᠎ᠠ᠃︵ᠳᠥᠷᠪᠡ︶ ᠱᠠᠩᠨᠠᠬᠤ ᠴᠠᠭ ᠬᠤᠭᠤᠴᠠᠭ᠎ᠠ᠄ 2023 ᠣᠨ ᠤ 7 ᠰᠠᠷ᠎ᠠ ᠶᠢᠨ 1 ᠤ ᠡᠳᠦᠷ ᠠᠴᠠ 2023 ᠣᠨ ᠤ 9 ᠰᠠᠷ᠎ᠠ ᠶᠢᠨ 30 ᠤ ᠡᠳᠦᠷ ᠪᠤᠯᠲᠠᠯ᠎ᠠ᠃︵ᠲᠠᠪᠤ︶ ᠠᠵᠢᠯ ᠤᠨ ᠶᠠᠪᠤᠴᠠ᠄ ᠰᠤᠮᠤ ᠪᠠᠯᠭᠠᠰᠤ ᠨᠢ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ ᠠᠵᠢᠯᠲᠠᠨ ᠲᠣᠮᠢᠯᠠᠨ ᠰᠠᠭᠤᠯᠭᠠᠵᠤ᠂ ᠬᠢᠵᠢᠭ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠡᠳᠦᠷ ᠪᠦᠷᠢ ᠠᠮᠢᠳᠤ ᠮᠠᠯ ᠤᠨ ᠠᠷᠠᠯᠵᠢᠶᠠᠨ ᠤ ᠪᠠᠶᠢᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠠᠩᠰᠠ ᠡᠪᠬᠡᠮᠡᠯ ᠪᠠᠶᠢᠭᠤᠯᠤᠨ᠎ᠠ᠃  ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠠᠷᠠᠯᠵᠢᠶᠠᠯᠠᠭᠰᠠᠨ ᠪᠠᠶᠢᠳᠠᠯ ᠤᠨ ᠭᠡᠷᠡᠴᠢ ᠮᠠᠲ᠋ᠧᠷᠢᠶᠠᠯ ᠢ ᠦᠨᠳᠦᠰᠦᠯᠡᠨ ᠱᠠᠩᠨᠠᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃︵ᠵᠢᠷᠭᠤᠭ᠎ᠠ︶  ᠬᠢᠨᠠᠨ ᠬᠠᠮᠢᠶᠠᠷᠤᠯᠲᠠ ᠶᠢᠨ ᠲᠠᠯ᠎ᠠ ᠪᠠᠷ᠄ ᠬᠠᠮᠢᠶ᠎ᠠ ᠪᠦᠬᠦᠢ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠭᠠᠵᠠᠷ ᠵᠢᠴᠢ ᠡᠭᠦᠷᠭᠡ ᠲᠤᠰᠢᠶᠠᠯ ᠤᠨ ᠬᠦᠷᠢᠶᠡᠨ ᠠᠴᠠ ᠠᠮᠢᠳᠤ ᠮᠠᠯ ᠤᠨ ᠠᠷᠠᠯᠵᠢᠶᠠᠨ ᠤ ᠵᠠᠬ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯ ᠬᠠᠭᠤᠷᠮᠠᠭ ᠢᠶᠠᠷ ᠵᠣᠬᠢᠶᠠᠬᠤ᠂ ᠨᠥᠬᠦᠪᠦᠷᠢ ᠶᠢ ᠬᠢᠬᠠᠨ ᠠᠪᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠨ ᠤ ᠬᠤᠰᠢᠭᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠡᠮᠬᠢ ᠵᠢᠷᠤᠮ ᠲᠠᠢ᠂  ᠲᠦᠷᠢᠮᠵᠢᠬᠦᠨ ᠪᠠᠶᠢᠬᠤ ᠶᠢ ᠪᠠᠲᠤᠯᠠᠨ᠎ᠠ᠃ᠬᠠᠷᠢᠯᠴᠠᠬᠤ ᠬᠦᠮᠦᠨ᠄ ᠪᠠᠲᠤ      ᠬᠠᠷᠢᠯᠴᠠᠬᠤ ᠤᠲᠠᠰᠤ᠄ 18847916667ᠳᠣᠯᠤᠭ᠎ᠠ᠂ ᠠᠵᠢᠯ ᠤᠨ ᠱᠠᠭᠠᠷᠳᠠᠯᠭ᠎ᠠ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ᠎ᠡ᠃ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ ᠠᠵᠢᠯ ᠢ ᠥᠷᠨᠢᠭᠦᠯᠬᠦ ᠪᠣᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠷᠢᠯᠴᠠᠵᠤ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠭᠤᠣᠯ ᠬᠠᠷᠢᠭᠤᠴᠠᠯᠭᠠᠲᠠᠨ ᠠᠴᠠ ᠳᠦᠷᠦᠭᠦᠯᠡᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷᠯᠢᠭ ᠪᠡᠶᠡᠯᠡᠭᠦᠯᠬᠦ ᠬᠡᠷᠡᠭᠲᠡᠢ᠃︵ᠭᠤᠷᠪᠠ︶ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠭᠠᠩ ᠬᠠᠭᠰᠠᠷᠠᠭᠠᠨ ᠲᠠᠢ ᠲᠡᠮᠡᠴᠡᠵᠦ ᠮᠠᠯᠵᠢᠬᠤ ᠦᠢᠯᠡᠳᠪᠦᠷᠢᠯᠡᠯ ᠢ ᠪᠠᠳᠤᠯᠠᠬᠤ  ᠠᠵᠢᠯ ᠳᠤ ᠪᠥᠬᠦ ᠶᠠᠪᠤᠴᠠ ᠶᠢᠨ ᠬᠢᠨᠠᠯᠲᠠ ᠲᠠᠯᠪᠢᠬᠤ ᠬᠡᠷᠡᠭᠲᠡᠢ᠂ ᠭᠠᠩ ᠬᠠᠭᠰᠠᠷᠠᠭᠠᠨ ᠤ ᠪᠠᠶᠢᠳᠠᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠨᠥᠬᠦᠪᠦᠷᠢ ᠶᠢ ᠬᠢᠬᠠᠨ ᠠᠪᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠣᠯᠵᠤ ᠢᠯᠡᠷᠡᠬᠦᠯᠪᠡᠯ ᠴᠢᠩᠭ᠎ᠠ ᠰᠢᠢᠳᠪᠦᠷᠢᠯᠡᠬᠦ ᠬᠡᠷᠡᠭᠲᠡᠢ᠃︵ᠳᠥᠷᠪᠡ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠪᠡᠯᠡ ᠮᠥᠩᠭᠦ ᠶᠢ ᠬᠡᠷᠡᠭᠯᠡᠵᠦ ᠲᠠᠷᠬᠠᠭᠠᠬᠤ ᠡᠬᠡ ᠲᠠᠩᠰᠠ ᠪᠠᠶᠢᠭᠤᠯᠵᠤ᠂ ᠲᠠᠩᠰᠠ ᠮᠠᠲ᠋ᠧᠷᠢᠶᠡᠯ  ᠢ ᠲᠣᠳᠣᠷᠬᠠᠢ ᠪᠤᠯᠭᠠᠨ᠂ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠨᠢ ᠲᠦᠷᠢᠮᠵᠢᠬᠦᠨ ᠪᠤᠰᠤ᠂ ᠬᠤᠳᠠᠯ ᠢᠶᠠᠷ ᠮᠡᠳᠡᠭᠦᠯᠵᠦ ᠬᠢᠬᠠᠨ ᠠᠪᠬᠤ᠂ ᠨᠥᠬᠦᠴᠡᠯ ᠳᠤ ᠨᠡᠶᠢᠴᠡᠬᠦ ᠦᠭᠡᠢ ᠵᠡᠷᠭᠡ ᠲᠣᠭᠲᠠᠭᠠᠯ ᠠᠴᠠ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠰᠢᠢᠳᠪᠦᠷᠢᠯᠡᠬᠦ ᠬᠡᠷᠡᠭᠲᠡᠢ᠂ ᠬᠡᠷᠪᠡ ᠣᠯᠵᠤ ᠮᠡᠳᠡᠪᠡᠯ ᠲᠡᠷᠡ ᠳᠠᠷᠤᠢ ᠳᠤᠨᠢ ᠨᠥᠬᠦᠪᠦᠷᠢ ᠥᠭᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠲᠠᠯ᠎ᠠ ᠪᠠᠷ ︽ᠬᠠᠷ᠎ᠠ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号