ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠢ
ᠨᠡᠶᠢᠲᠡᠯᠡᠭᠰᠡᠨ ᠴᠠᠭ᠄
2023/8/9
ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠢ      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ      ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ᠂ ᠣᠯᠠᠨ ᠲᠦᠮᠡᠨ ᠤ ᠠᠮᠢᠳᠤᠷᠠᠯ ᠢ ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠶᠠᠷᠢᠯᠴᠠᠨ ᠰᠤᠳᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 8 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 8 ᠳ᠋ᠤᠭᠠᠷ ᠰᠠᠷ᠎ᠠ ᠶᠢᠨ 8 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ᠂ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠶᠢ ᠶᠠᠷᠢᠯᠴᠠᠨ ᠰᠤᠳᠤᠯᠪᠠ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠲᠠᠶᠢᠹᠧᠩ ᠰᠠᠯᠬᠢ ᠪᠠ ᠰᠢᠷᠦᠭᠦᠨ ᠪᠣᠷᠣᠭᠠᠨ ᠤ ᠨᠥᠯᠥᠭᠡ ᠪᠠᠷ᠂ ᠬᠡᠰᠡᠭ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ ᠨᠠᠮ ᠤᠨ ᠲᠥᠪ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠡᠯ᠎ᠡ ᠭᠠᠵᠠᠷ ᠤᠨ ᠭᠠᠮᠰᠢᠭᠳᠠᠭᠰᠠᠨ ᠣᠯᠠᠨ ᠲᠦᠮᠡᠨ ᠢ ᠢᠮᠠᠭᠲᠠ ᠰᠠᠨᠠᠭᠠᠯᠵᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠵᠤ᠂ ᠪᠡᠶ᠎ᠡ ᠪᠠᠷ  ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠢᠯᠤᠭᠤᠳᠴᠤ᠂ ᠠᠶᠤᠯ ᠭᠠᠮᠰᠢᠭ ᠠᠴᠠ ᠠᠪᠤᠷᠠᠬᠤ᠂ ᠵᠠᠪᠳᠤᠨ ᠵᠠᠰᠠᠵᠤ ᠰᠡᠷᠭᠦᠭᠡᠬᠦ᠂ ᠢᠯᠠᠩᠭᠤᠶ᠎ᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠳᠣᠬᠠᠨ ᠳᠤ ᠦᠶᠡᠷ ᠤᠨ ᠬᠤᠭᠤᠴᠠᠭ᠎ᠠ ᠮᠥᠨᠴᠦ ᠥᠩᠭᠡᠷᠡᠭᠡᠳᠦᠢ ᠪᠠᠶᠢᠭᠰᠠᠭᠠᠷ᠂ ᠰᠡᠭᠦᠯᠴᠢ ᠶᠢᠨ ᠬᠤᠭᠤᠴᠠᠭᠠᠨ ᠳᠤ ᠲᠠᠶᠢᠹᠧᠩ ᠰᠠᠯᠬᠢ ᠬᠠᠭᠤᠷᠠᠢ ᠪᠠᠷ ᠳᠠᠭᠠᠷᠢᠨ ᠭᠠᠷᠴᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠣᠷᠣᠬᠤ ᠪᠣᠯᠣᠯᠴᠠᠭ᠎ᠠ ᠪᠠᠰᠠ ᠪᠠᠶᠢᠵᠤ᠂ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠬᠢᠨ ᠪᠠᠶᠢᠭᠤᠯᠬᠤ ᠡᠭᠦᠷᠭᠡ ᠬᠦᠨᠳᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠ ᠠᠶᠤᠯ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠠᠴᠠ ᠠᠪᠤᠷᠠᠬᠤ ᠳᠤ ᠰᠠᠭᠤᠷᠢᠯᠠᠵᠤ᠂ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠭᠦᠰᠦᠮᠡᠯ ᠭᠠᠮᠰᠢᠭ ᠭᠠᠷᠬᠤ  ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠷᠢᠯᠴᠠᠭ᠎ᠠ ᠲᠠᠰᠤᠷᠠᠭᠰᠠᠨ ᠬᠥᠮᠥᠰ ᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠲᠡᠳᠡᠨ ᠳᠤ ᠢᠳᠡᠬᠦ ᠬᠤᠭᠤᠯᠠ ᠲᠠᠢ᠂ ᠡᠮᠦᠰᠬᠦ ᠬᠤᠪᠴᠠᠰᠤ ᠲᠠᠢ᠂ ᠲᠦᠷ ᠴᠠᠭ ᠤᠨ ᠣᠷᠣᠨ ᠰᠠᠭᠤᠴᠠ ᠲᠠᠢ᠂ ᠤᠤᠭᠤᠬᠤ ᠴᠡᠪᠡᠷ ᠤᠰᠤ ᠲᠠᠢ᠂ ᠡᠪᠡᠳᠴᠢᠯᠡᠪᠡᠯ ᠴᠠᠭ ᠲᠤᠬᠠᠢ ᠳᠤ ᠨᠢ ᠡᠮᠴᠢᠯᠡᠭᠦᠯᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠦᠯᠦ ᠳᠡᠯᠭᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠮ᠂ ᠴᠠᠬᠢᠯᠭᠠᠨ ᠬᠠᠩᠭᠠᠬᠤ᠂ ᠤᠰᠤ ᠬᠠᠩᠭᠠᠬᠤ ᠪᠠ ᠴᠢᠮᠡᠭᠡ ᠬᠤᠯᠪᠣᠭ᠎ᠠ ᠵᠡᠷᠭᠡ ᠪᠡᠯᠡᠳᠬᠡᠮᠵᠢ ᠶᠢ ᠲᠦᠷᠭᠡᠪᠴᠢᠯᠡᠨ ᠵᠠᠰᠠᠨ ᠰᠡᠷᠭᠦᠭᠡᠵᠦ᠂ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠦᠢᠯᠡᠳᠪᠦᠷᠢᠯᠡᠯ ᠢᠶᠠᠷ ᠥᠪᠡᠷ ᠢ ᠪᠠᠨ ᠲᠡᠩᠬᠡᠷᠡᠭᠦᠯᠬᠦ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠪᠠ ᠲᠠᠷᠢᠶᠠᠯᠠᠩ ᠤᠨ ᠪᠡᠯᠡᠳᠬᠡᠮᠵᠢ ᠶᠢ ᠰᠢᠮᠳᠠᠭᠤᠯᠤᠨ ᠵᠠᠰᠠᠨ ᠰᠡᠷᠭᠦᠭᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠢ ᠪᠠᠷ ᠨᠥᠬᠦᠵᠦ ᠳᠠᠷᠢᠭᠤᠯᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠰᠡᠷᠭᠦᠭᠡᠵᠦ ᠲᠠᠬᠢᠨ ᠪᠠᠷᠢᠬᠤ ᠠᠵᠢᠯ ᠢ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠤ ᠪᠠᠨ ᠬᠠᠷᠢᠵᠤ ᠳᠡᠶᠢᠯᠬᠦ ᠪᠤᠶᠤ ᠰᠢᠨ᠎ᠡ ᠣᠷᠣᠨ ᠰᠠᠭᠤᠴᠠ ᠳᠤ ᠨᠡᠭᠦᠬᠦ᠂ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠬᠦᠷᠢᠶᠡᠯᠡᠩ ᠵᠡᠷᠭᠡ ᠨᠡᠶᠢᠲᠡ ᠶᠢᠨ ᠪᠡᠯᠡᠳᠬᠡᠮᠵᠢ ᠶᠢ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠲᠦᠷᠭᠡᠪᠴᠢᠯᠡᠨ ᠠᠬᠢᠭᠤᠯᠵᠤ᠂ ᠭᠠᠮᠰᠢᠭᠳᠠᠭᠰᠠᠨ ᠰᠤᠷᠤᠭᠴᠢ ᠨᠢᠭᠡ ᠪᠦᠷᠢ ᠴᠥᠮ ᠴᠠᠭ ᠲᠤ ᠪᠠᠨ ᠰᠤᠷᠭᠠᠭᠤᠯᠢ ᠡᠬᠢᠯᠡᠨ ᠰᠤᠷᠭᠠᠭᠤᠯᠢ ᠳᠤ ᠪᠠᠨ ᠪᠤᠴᠠᠬᠤ ᠶᠢ ᠪᠠᠲᠤᠯᠠᠬᠤ ᠬᠡᠷᠡᠭᠲᠡᠢ᠃ ᠬᠤᠯᠠ ᠶᠢ ᠪᠣᠳᠣᠵᠤ᠂ ᠤᠮᠠᠷᠠᠲᠤ ᠣᠷᠣᠨ ᠤ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠮᠰᠢᠭ ᠠᠴᠠ ᠠᠪᠤᠷᠠᠬᠤ ᠡᠯ᠎ᠡ ᠲᠥᠷᠥᠯ ᠤᠨ ᠪᠡᠯᠡ ᠮᠥᠩᠭᠦ ᠶᠢ ᠲᠦᠷᠭᠡᠨ ᠰᠠᠯᠭᠠᠨ ᠥᠭᠴᠦ᠂ ᠤᠷᠢᠳᠴᠢᠯᠠᠨ ᠰᠠᠯᠭᠠᠨ ᠥᠭᠴᠦ ᠪᠣᠯᠬᠤ ᠶᠢ ᠨᠢ ᠤᠷᠢᠳᠴᠢᠯᠠᠨ ᠰᠠᠯᠭᠠᠨ ᠥᠭᠴᠦ᠂ ᠤᠷᠢᠳᠴᠢᠯᠠᠨ ᠨᠥᠬᠦᠪᠦᠷᠢ ᠥᠭᠴᠦ ᠠᠪᠤᠷᠠᠨ ᠲᠤᠰᠠᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠭᠠᠮᠰᠢᠭᠳᠠᠭᠰᠠᠨ ᠭᠠᠵᠠᠷ ᠣᠷᠣᠨ ᠤ ᠡᠵᠡᠩᠨᠡᠯᠲᠡ ᠶᠢᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭ᠎ᠠ ᠶᠢᠨ ᠡᠷᠥᠭᠡ ᠵᠢᠴᠢ ᠲᠠᠷᠢᠶᠠᠯᠠᠩ᠂ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠲᠠᠷᠢᠶᠠᠴᠢᠨ ᠡᠷᠥᠭᠡ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠳᠠᠭᠠᠳᠬᠠᠯ ᠤᠨ ᠲᠥᠯᠥᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠂ ᠲᠥᠯᠥᠵᠦ ᠳᠡᠶᠢᠯᠪᠡᠯ ᠲᠦᠷᠭᠡᠨ ᠲᠥᠯᠥᠵᠦ᠂ ᠲᠥᠯᠥᠬᠦ ᠶᠣᠰᠣᠲᠠᠢ ᠶᠢ  ᠨᠢ ᠪᠥᠬᠦᠨ ᠢ ᠲᠥᠯᠥᠵᠦ᠂ ᠦᠶᠡᠷ ᠤᠰᠤᠲᠤᠯ ᠤᠨ ᠭᠠᠮᠰᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠳᠤ ᠥᠭᠭᠦᠭᠰᠡᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号