ᠡᠳᠦᠷ ᠪᠣᠯᠭᠠᠨ ᠥᠨᠳᠡᠭᠡ ᠢᠳᠡᠬᠦ ᠨᠢ ᠪᠡᠶ᠎ᠡ ᠳᠤ ᠲᠤᠰᠠᠲᠠᠢ ᠤᠤ︖ | | 1. ᠴᠢᠰᠤᠨ ᠤ ᠥᠭᠡᠬᠦ ᠶᠢ ᠲᠣᠬᠢᠷᠠᠭᠤᠯᠤᠨ᠂ ᠵᠢᠷᠦᠬᠡᠨ ᠤ ᠴᠢᠰᠤᠨ ᠰᠤᠳᠠᠯ ᠤᠨ ᠡᠪᠡᠳᠴᠢᠨ ᠡᠭᠦᠰᠬᠦ | ᠨᠣᠷᠮ᠎ᠠ ᠶᠢ ᠳᠣᠷᠣᠭᠰᠢᠯᠠᠭᠤᠯᠤᠨ᠎ᠠ᠃ ᠲᠠᠬᠢᠶᠠᠨ ᠥᠨᠳᠡᠭᠡᠨ ᠤ ᠳᠣᠲᠣᠷᠠᠬᠢ ᠥᠨᠳᠡᠭᠡᠨ ᠹᠣᠰᠹᠣᠷᠲᠤ ᠥᠭᠡᠬᠦ ᠨᠢ | ᠥᠭᠡᠬᠦ ᠶᠢᠨ ᠰᠢᠩᠭᠡᠭᠡᠯᠲᠡ᠂ ᠰᠣᠯᠢᠯᠴᠠᠭ᠎ᠠ ᠶᠢ ᠵᠣᠬᠢᠴᠠᠭᠤᠯᠬᠤ ᠦᠢᠯᠡᠳᠦᠯ ᠲᠠᠢ ᠪᠣᠯᠬᠤᠷ ᠡᠳᠦᠷ ᠪᠦᠷᠢ ᠨᠢᠭᠡ | ᠲᠠᠬᠢᠶᠠᠨ ᠥᠨᠳᠡᠭᠡ ᠢᠳᠡᠬᠦ ᠨᠢ ᠦᠨᠡᠨ ᠳᠡᠭᠡᠨ ᠨᠡᠯᠢᠶᠡᠳ ᠠᠷᠪᠢᠨ ᠬᠠᠨᠤᠮᠠᠯ ᠥᠭᠡᠬᠦ ᠲᠠᠢ ᠤᠯᠠᠭᠠᠨ ᠮᠢᠬᠠᠨ ᠤ | ᠲᠥᠷᠥᠯ ᠢ ᠢᠳᠡᠬᠦ ᠠᠴᠠ ᠢᠯᠡᠭᠦᠦ ᠵᠢᠷᠦᠬᠡᠨ ᠤ ᠴᠢᠰᠤᠨ ᠰᠤᠳᠠᠯ ᠤᠨ ᠡᠷᠡᠭᠦᠯ ᠮᠡᠨᠳᠦ ᠳᠤ ᠲᠤᠩ ᠠᠰᠢᠭᠲᠠᠢ ᠪᠠᠶᠢᠳᠠᠭ᠃ | | 2. ᠥᠯ ᠳᠠᠭᠠᠭᠠᠵᠤ᠂ ᠪᠡᠶ᠎ᠡ ᠶᠢᠨ ᠬᠦᠨᠳᠦ ᠶᠢ ᠬᠢᠵᠠᠭᠠᠷᠯᠠᠬᠤ ᠳᠤ ᠲᠤᠰᠠᠯᠠᠨ᠎ᠠ᠃ ᠲᠠᠬᠢᠶᠠᠨ ᠤ ᠥᠨᠳᠡᠭᠡᠨ ᠳᠤ | ᠠᠰᠢᠭᠯᠠᠯᠲᠠ ᠶᠢᠨ ᠨᠣᠷᠮ᠎ᠠ ᠪᠠᠷ ᠲᠤᠶᠢᠯ ᠤᠨ ᠥᠨᠳᠥᠷ ᠴᠢᠨᠠᠷ ᠰᠠᠶᠢᠲᠠᠢ ᠤᠭᠤᠷᠠᠭ ᠠᠭᠤᠯᠤᠭᠳᠠᠵᠤ ᠪᠠᠶᠢᠳᠠᠭ᠃ | ᠤᠭᠤᠷᠠᠭ ᠤᠨ ᠰᠢᠩᠭᠡᠭᠡᠯᠲᠡ ᠶᠢᠨ ᠬᠤᠷᠳᠤᠴᠠ ᠨᠢ ᠨᠡᠭᠦᠷᠡᠰᠦ ᠤᠰᠤᠨ ᠤ ᠨᠢᠭᠡᠳᠪᠦᠷᠢ ᠠᠴᠠ ᠬᠤᠯᠠ ᠳᠣᠣᠷ᠎ᠠ | ᠪᠠᠶᠢᠳᠠᠭ ᠠᠴᠠ ᠢᠳᠡᠭᠰᠡᠨ ᠤ ᠳᠠᠷᠠᠭ᠎ᠠ ᠴᠠᠳᠬᠤᠯᠠᠩ ᠪᠠᠶᠢᠳᠠᠯ ᠲᠠᠢ ᠪᠠᠶᠢᠯᠭᠠᠳᠠᠭ ᠠᠴᠠ ᠢᠳᠡᠭᠡᠨ ᠤ ᠳᠤᠷᠠᠰᠢᠯ ᠢ | ᠬᠤᠷᠢᠭᠯᠠᠳᠠᠭ᠃ | 3. ᠨᠢᠳᠦ ᠬᠤᠷᠴᠠ᠂ ᠲᠠᠷᠢᠬᠢ ᠲᠣᠯᠣᠭᠠᠢ ᠰᠡᠷᠭᠡᠭ ᠪᠣᠯᠳᠠᠭ᠃ ᠲᠠᠬᠢᠶᠠᠨ ᠤ ᠥᠨᠳᠡᠭᠡᠨ ᠳᠠᠬᠢ ᠸᠢᠲ᠋ᠠᠮᠢᠨ A | ᠶᠢᠨ ᠠᠭᠤᠯᠤᠭᠳᠠᠴᠠ ᠮᠠᠰᠢ ᠥᠨᠳᠥᠷ᠂ ᠡᠳᠦᠷ ᠲᠤᠲᠤᠮ ᠤᠨ ᠢᠳᠡᠭᠡᠨ ᠤ ᠳᠣᠲᠣᠷᠠᠬᠢ ᠸᠢᠲ᠋ᠠᠮᠢᠨ A ᠶᠢᠨ ᠢᠷᠡᠯᠲᠡ | ᠨᠢ ᠮᠠᠰᠢ ᠰᠠᠶᠢᠨ ᠪᠠᠶᠢᠳᠠᠭ᠃ ᠸᠢᠲ᠋ᠠᠮᠢᠨ A ᠶᠢᠨ ᠠᠭᠤᠯᠤᠭᠳᠠᠴᠠ ᠪᠠᠷ ᠲᠤᠶᠢᠯ ᠤᠨ ᠥᠨᠳᠥᠷ ᠠᠮᠢᠲᠠᠨ ᠤ ᠡᠯᠢᠭᠡ ᠲᠠᠢ | ᠬᠠᠷᠢᠴᠠᠭᠤᠯᠪᠠᠯ᠂ ᠲᠠᠬᠢᠶᠠᠨ ᠤ ᠥᠨᠳᠡᠭᠡ ᠶᠢᠨ ᠳᠠᠪᠠᠭᠤᠯᠢᠭ ᠲᠠᠯ᠎ᠠ ᠨᠢ ᠡᠯᠢᠭᠡ ᠰᠢᠭ ᠲᠡᠶᠢᠮᠦ ᠠᠮᠠᠷᠬᠠᠨ ᠬᠡᠮᠵᠢᠶ᠎ᠡ ᠠᠴᠠ | ᠬᠡᠲᠦᠷᠡᠲᠡᠯ᠎ᠡ ᠰᠢᠩᠭᠡᠳᠡᠭ ᠦᠭᠡᠢ᠃ ᠥᠨᠳᠡᠭᠡᠨ ᠹᠣᠰᠹᠣᠷᠲᠤ ᠥᠭᠡᠬᠦ ᠪᠣᠯ ᠲᠠᠬᠢᠶᠠᠨ ᠤ ᠥᠨᠳᠡᠭᠡᠨ ᠤ ᠳᠣᠲᠣᠷᠠᠬᠢ | ᠣᠨᠴᠠ ᠪᠠᠶᠢᠳᠠᠭ ᠨᠢᠭᠡ ᠵᠦᠢᠯ ᠤᠨ ᠰᠢᠮ᠎ᠡ ᠲᠡᠵᠢᠭᠡᠯ ᠤᠨ ᠡᠳ᠋ ᠪᠠᠶᠢᠵᠤ᠂ ᠶᠡᠭᠡ ᠲᠠᠷᠢᠬᠢᠨ ᠤ ᠮᠡᠳᠡᠷᠡᠯ ᠤᠨ ᠡᠰ ᠲᠤ | ᠰᠢᠮ᠎ᠡ ᠲᠡᠵᠢᠭᠡᠯ ᠬᠠᠩᠭᠠᠳᠠᠭ᠃ ᠡᠳᠦᠷ ᠪᠦᠷᠢ ᠨᠢᠭᠡ ᠲᠠᠬᠢᠶᠠᠨ ᠤ ᠥᠨᠳᠡᠭᠡ ᠢᠳᠡᠬᠦ ᠨᠢ ᠴᠡᠭᠡᠵᠢᠯᠡᠬᠦ ᠴᠢᠳᠠᠪᠤᠷᠢ | ᠮᠠᠭᠤᠳᠠᠬᠤ ᠠᠴᠠ ᠰᠡᠷᠭᠡᠶᠢᠯᠡᠵᠦ᠂ ᠲᠠᠨᠢᠨ ᠮᠡᠳᠡᠬᠦᠢ ᠶᠢᠨ ᠴᠢᠳᠠᠪᠤᠷᠢ ᠮᠠᠭᠤᠳᠠᠬᠤ ᠶᠢ ᠰᠡᠷᠭᠡᠶᠢᠯᠡᠬᠦ ᠳᠤ ᠵᠣᠬᠢᠬᠤ | ᠬᠡᠮᠵᠢᠶᠡᠨ ᠤ ᠠᠴᠢ ᠲᠤᠰᠠ ᠲᠠᠢ ᠶᠤᠮ᠃ |