ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ
ᠨᠡᠶᠢᠲᠡᠯᠡᠭᠰᠡᠨ ᠴᠠᠭ᠄
2023/9/1
             ᠥᠪᠡᠷ ᠢ ᠪᠠᠨ ᠰᠢᠯᠢᠳᠡᠭ ᠪᠠᠶᠢᠯᠭᠠᠬᠤ ᠡᠷᠳᠡᠮ     ᠲᠣᠳᠣᠷᠬᠠᠢ ᠬᠠᠷᠠᠯᠲᠠ ᠲᠠᠢ ᠪᠠᠶᠢᠬᠤ᠃ ᠬᠠᠷᠠᠯᠲᠠ ᠲᠣᠳᠣᠷᠬᠠᠢ ᠬᠥᠮᠥᠨ ᠤᠷᠤᠭᠰᠢᠯᠠᠬᠤ ᠵᠠᠮ ᠳᠠᠭᠠᠨ ᠨᠡᠩ ᠢᠯᠡᠭᠦᠦ ᠮᠡᠳᠡᠷᠡᠮᠵᠢ ᠲᠠᠢ ᠪᠠᠶᠢᠳᠠᠭ᠃ ᠥᠪᠡᠷᠲᠡᠭᠡᠨ ᠦᠨ᠎ᠡ ᠥᠷᠲᠡᠭ ᠲᠠᠢ ᠮᠥᠷᠲᠡᠭᠡᠨ ᠪᠡᠶᠡᠯᠡᠭᠦᠯᠵᠦ ᠳᠡᠶᠢᠯᠬᠦ ᠬᠠᠷᠠᠯᠲᠠ ᠲᠣᠭᠲᠠᠭᠠᠵᠤ᠂ ᠪᠣᠳᠠᠲᠠᠢ ᠠᠵᠢᠯᠯᠠᠭ᠎ᠠ ᠪᠠᠷ ᠢᠶᠠᠨ ᠳᠠᠮᠵᠢᠨ ᠪᠡᠶᠡᠯᠡᠭᠦᠯᠪᠡᠯ᠂ ᠲᠠᠨ ᠳᠤ ᠬᠠᠷᠠᠯᠲᠠ ᠪᠠᠨ ᠬᠥᠭᠡᠭᠡᠴᠡᠯᠳᠦᠬᠦ ᠶᠠᠪᠤᠴᠠ ᠳᠤ ᠠᠪᠴᠢᠷᠠᠭᠰᠠᠨ ᠵᠣᠯ ᠵᠢᠷᠭᠠᠯᠲᠤ ᠪᠥᠭᠡᠳ ᠠᠮᠵᠢᠯᠲᠠ ᠪᠦᠲᠦᠮᠵᠢ ᠲᠠᠢ ᠮᠡᠳᠡᠷᠡᠮᠵᠢ ᠲᠥᠷᠥᠭᠳᠡᠳᠡᠭ᠃         ᠰᠠᠨᠠᠭ᠎ᠠ ᠰᠡᠳᠬᠢᠯ᠂ ᠠᠭᠠᠰᠢ ᠵᠠᠩ ᠢᠶᠠᠨ ᠲᠣᠬᠢᠷᠠᠭᠤᠯᠵᠤ ᠳᠡᠶᠢᠯᠬᠦ᠃ ᠬᠡᠨ ᠳᠤ ᠴᠦ ᠠᠭᠤᠷ ᠪᠤᠬᠢᠨᠢᠳᠤᠯ ᠲᠠᠢ ᠦᠶ᠎ᠡ ᠪᠠᠶᠢᠳᠠᠭ᠃ ᠪᠢᠳᠡᠨ ᠤ ᠬᠢᠬᠦ ᠴᠢᠬᠤᠯᠠᠲᠠᠢ ᠠᠵᠢᠯ ᠪᠣᠯ ᠳᠠᠷᠤᠢ ᠰᠡᠳᠬᠢᠯ ᠰᠠᠨᠠᠭ᠎ᠠ ᠪᠠᠨ ᠡᠵᠡᠮᠳᠡᠨ᠂ ᠠᠭᠤᠷ ᠪᠤᠬᠢᠨᠢᠳᠤᠯ ᠢᠶᠠᠨ ᠳᠠᠷᠤᠵᠤ᠂ ᠤᠷᠮ᠎ᠠ ᠰᠡᠳᠬᠢᠯᠭᠡ ᠪᠠᠨ ᠰᠡᠷᠭᠦᠭᠡᠬᠦ ᠶᠠᠪᠤᠳᠠᠯ ᠪᠣᠯᠣᠨ᠎ᠠ᠃          ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ᠃ ᠶᠠᠭᠤᠮ᠎ᠠ ᠰᠤᠷᠬᠤ ᠬᠦᠰᠡᠯ ᠵᠣᠷᠢᠯᠲᠠ ᠲᠠᠢ ᠪᠠᠶᠢᠬᠤ ᠨᠢ ᠪᠢᠳᠡᠨ ᠢ ᠴᠠᠭ ᠢᠮᠠᠭᠲᠠ ᠰᠤᠷᠤᠯᠴᠠᠭᠤᠯᠵᠤ᠂ ᠠᠮᠢᠳᠤᠷᠠᠯ ᠳᠤ ᠢᠳᠡᠪᠬᠢᠲᠡᠢ ᠪᠠᠶᠢᠯᠭᠠᠵᠤ ᠴᠢᠳᠠᠳᠠᠭ᠃ ᠶᠠᠮᠠᠷ ᠴᠦ ᠵᠦᠢᠯ ᠳᠤ ᠰᠣᠨᠢᠭᠤᠴᠢ ᠰᠡᠳᠬᠢᠯᠭᠡ ᠪᠠᠷ ᠬᠠᠨᠳᠤᠵᠤ᠂ ᠰᠤᠷᠴᠤ ᠠᠪᠬᠤ ᠶᠢ ᠬᠥᠭᠡᠭᠡᠴᠡᠯᠳᠦᠭᠡᠳ ᠪᠠᠶᠢᠪᠠᠯ ᠥᠪᠡᠷ ᠢ  ᠪᠠᠨ ᠬᠥᠭᠵᠢᠭᠦᠯᠵᠦ ᠴᠢᠳᠠᠬᠤ ᠶᠢᠨ ᠳᠡᠭᠡᠷ᠎ᠡ ᠠᠮᠢᠳᠤᠷᠠᠯ ᠢᠶᠠᠨ ᠪᠠᠶᠠᠯᠢᠭ ᠪᠠᠶᠢᠯᠭᠠᠵᠤ ᠴᠢᠳᠠᠨ᠎ᠠ᠃          ᠥᠪᠡᠷ ᠤᠨ ᠢᠶᠠᠨ ᠦᠨ᠎ᠡ ᠴᠡᠨ᠎ᠡ ᠶᠢ ᠮᠡᠳᠡᠷᠡᠬᠦ᠃ ᠥᠪᠡᠷ ᠤᠨ ᠥᠪᠡᠷᠲᠡᠭᠡᠨ᠂ ᠮᠥᠨ ᠴᠦ ᠪᠤᠰᠤᠳ ᠲᠤ ᠦᠨᠡᠨᠴᠢ ᠪᠠᠷ ᠬᠠᠨᠳᠤᠵᠤ᠂ ᠠᠮᠢᠳᠤᠷᠠᠯ ᠳᠠᠭᠠᠨ ᠬᠠᠯᠠᠭᠤᠨ ᠰᠡᠳᠬᠢᠯ ᠲᠠᠢ ᠪᠠᠶᠢᠵᠤ᠂ ᠲᠡᠭᠦᠰ ᠰᠠᠶᠢᠬᠠᠨ ᠢ ᠬᠡᠲᠦᠷᠬᠡᠢ ᠬᠥᠭᠡᠭᠡᠴᠡᠯᠳᠦᠬᠦ ᠦᠭᠡᠢ᠂ ᠥᠪᠡᠷ ᠤᠨ ᠪᠡᠶ᠎ᠡ ᠪᠠᠨ ᠢᠯᠡᠭᠦᠬᠡᠨ ᠣᠶᠢᠯᠠᠭᠠᠵᠤ ᠪᠠᠭᠲᠠᠭᠠᠮᠵᠢᠲᠠᠢ ᠬᠠᠨᠳᠤᠪᠠᠯ᠂ ᠪᠢᠳᠡ ᠥᠪᠡᠷ ᠤᠨ ᠢᠶᠠᠨ ᠦᠨ᠎ᠡ ᠴᠡᠨ᠎ᠡ ᠪᠠᠨ ᠨᠠᠩ ᠠᠮᠠᠷᠬᠠᠨ ᠮᠡᠳᠡᠷᠡᠵᠦ ᠴᠢᠳᠠᠬᠤ ᠪᠣᠯᠣᠨ᠎ᠠ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号