ᠴᠢᠰᠤᠨ ᠤ ᠥᠭᠡᠬᠦ ᠪᠠᠭᠤᠷᠠᠬᠤ ᠦᠭᠡᠢ ᠪᠠᠶᠢᠪᠠᠯ ᠡᠨᠡ ᠳᠥᠷᠪᠡᠨ ᠵᠦᠢᠯ ᠤᠨ ᠢᠳᠡᠭᠡᠨ ᠢ ᠴᠡᠭᠡᠷᠯᠡᠬᠦ ᠬᠡᠷᠡᠭᠲᠡᠢ︕
ᠨᠡᠶᠢᠲᠡᠯᠡᠭᠰᠡᠨ ᠴᠠᠭ᠄
2023/9/1
  ᠴᠢᠰᠤᠨ ᠤ ᠥᠭᠡᠬᠦ ᠪᠠᠭᠤᠷᠠᠬᠤ ᠦᠭᠡᠢ ᠪᠠᠶᠢᠪᠠᠯ ᠡᠨᠡ ᠳᠥᠷᠪᠡᠨ ᠵᠦᠢᠯ ᠤᠨ ᠢᠳᠡᠭᠡᠨ ᠢ ᠴᠡᠭᠡᠷᠯᠡᠬᠦ ᠬᠡᠷᠡᠭᠲᠡᠢ︕ 1. ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠥᠨᠳᠥᠷ ᠢᠳᠡᠭᠡᠨ      ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠪᠠᠷ ᠨᠡᠯᠢᠶᠡᠳ ᠥᠨᠳᠥᠷ ᠢᠳᠡᠭᠡᠨ ᠳᠤ ᠠᠮᠢᠲᠠᠨ ᠤ ᠳᠣᠲᠣᠷ ᠡᠷᠬᠡᠲᠡᠨ᠂ ᠥᠭᠡᠬᠦ᠂ ᠥᠳᠬᠡᠨ ᠱᠥᠯᠥ᠂ ᠨᠠᠶᠢᠮᠠᠯᠵᠢ ᠶᠢᠨ ᠰᠢᠷ᠎ᠠ ᠵᠡᠷᠭᠡ ᠪᠠᠭᠲᠠᠨ᠎ᠠ᠂ ᠡᠲᠡᠭᠡᠷ ᠢᠳᠡᠭᠡᠨ ᠨᠢ ᠬᠡᠳᠦᠢ ᠠᠮᠲᠠᠲᠠᠢ ᠪᠠᠶᠢᠭᠰᠠᠨ ᠴᠤ ᠠᠮᠠ ᠪᠠᠨ ᠪᠠᠷᠢᠬᠤ ᠬᠡᠷᠡᠭᠲᠡᠢ᠃   2. ᠫᠢᠸᠤ᠋     ᠶᠡᠷᠦ ᠠᠴᠠ ᠠᠷᠢᠬᠢ ᠨᠢ ᠴᠢᠰᠤᠨ ᠰᠤᠳᠠᠯ ᠢ ᠭᠡᠮᠲᠦᠭᠡᠳᠡᠭ᠂ ᠫᠢᠸᠤ᠋ ᠳᠤ ᠪᠠᠰᠠ ᠨᠡᠯᠢᠶᠡᠳ ᠥᠨᠳᠥᠷ ᠢᠯᠴᠢ ᠶᠢᠨ ᠬᠡᠮᠵᠢᠶ᠎ᠡ ᠠᠭᠤᠯᠳᠠᠭ᠂ ᠡᠨᠡ ᠨᠢ ᠴᠢᠰᠤᠨ ᠤ ᠥᠭᠡᠬᠦ ᠥᠨᠳᠥᠷ ᠬᠥᠮᠥᠨ ᠳᠤ ᠠᠪᠴᠤ ᠬᠡᠯᠡᠪᠡᠯ᠂ ᠴᠢᠰᠤᠨ ᠰᠤᠳᠠᠯ ᠢ ᠨᠡᠩ ᠠᠮᠠᠷᠬᠠᠨ ︽ᠪᠥᠭᠯᠡᠷᠡᠭᠦᠯᠵᠦ︾ ᠮᠡᠳᠡᠨ᠎ᠡ᠃ ᠪᠠᠰᠠ᠂ ᠫᠢᠸᠤ᠋ ᠤᠤᠭᠤᠬᠤ ᠳᠤ ᠠᠮᠠᠷᠬᠠᠨ ᠰᠣᠭᠲᠣᠬᠤ ᠦᠭᠡᠢ ᠪᠣᠯᠬᠤᠷ ᠶᠡᠭᠡ ᠤᠤᠭᠤᠳᠠᠭ᠃   3.ᠳᠠᠪᠤᠰᠤᠯᠠᠭᠰᠠᠨ ᠨᠤᠭᠤᠰᠤᠨ ᠥᠨᠳᠡᠭᠡ      ᠳᠠᠪᠤᠰᠤᠯᠠᠭᠰᠠᠨ ᠨᠤᠭᠤᠰᠤᠨ ᠥᠨᠳᠡᠭᠡ ᠳᠤ ᠳᠠᠪᠤᠰᠤ ᠨᠡᠯᠢᠶᠡᠳ ᠠᠷᠪᠢᠨ ᠠᠭᠤᠯᠵᠤ ᠪᠠᠶᠢᠬᠤ ᠪᠠᠷ ᠪᠠᠷᠠᠬᠤ ᠦᠭᠡᠢ᠂ ᠥᠭᠡᠬᠦᠨ ᠤ ᠠᠭᠤᠯᠤᠭᠳᠠᠴᠠ ᠪᠠ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠥᠮ ᠮᠠᠰᠢ ᠥᠨᠳᠥᠷ ᠪᠠᠶᠢᠳᠠᠭ᠂ ᠬᠡᠲᠦ ᠠᠷᠪᠢᠨ ᠢᠳᠡᠪᠡᠯ ᠴᠢᠰᠤᠨ ᠤ ᠥᠭᠡᠬᠦ ᠶᠢ ᠨᠥᠯᠥᠭᠡᠯᠡᠳᠡᠭ᠃    4.ᠰᠢᠬᠢᠷᠯᠢᠭ ᠢᠳᠡᠭᠡᠨ      ᠴᠢᠰᠤᠨ ᠤ ᠥᠭᠡᠬᠦ ᠥᠨᠳᠥᠷᠵᠢᠭᠰᠡᠨ ᠬᠥᠮᠥᠰ ᠴᠦ ᠭᠡᠰᠡᠨ᠂ ᠡᠷᠡᠭᠦᠯ ᠴᠢᠭᠢᠷᠠᠭ ᠬᠥᠮᠥᠰ ᠴᠦ ᠭᠡᠰᠡᠨ ᠰᠢᠬᠢᠷᠯᠢᠭ ᠢᠳᠡᠭᠡᠨ ᠢ ᠬᠡᠳᠦ ᠠᠷᠪᠢᠨ ᠢᠳᠡᠬᠦ ᠦᠭᠡᠢ ᠪᠠᠶᠢᠪᠠᠯ ᠵᠣᠬᠢᠨ᠎ᠠ᠃᠂ ᠬᠥᠮᠥᠨ ᠤ ᠪᠡᠶ᠎ᠡ ᠠᠯᠢᠪᠠ ᠰᠢᠬᠢᠷ ᠢᠶᠠᠨ ᠴᠠᠭ ᠲᠤᠬᠠᠢ ᠳᠤᠨᠢ ᠭᠠᠳᠠᠭᠰᠢᠯᠠᠭᠤᠯᠵᠤ ᠳᠡᠶᠢᠯᠬᠦ ᠦᠭᠡᠢ ᠪᠣᠯ ᠠᠮᠠᠷᠬᠠᠨ ᠥᠭᠡᠬᠦ ᠪᠣᠯᠵᠤ᠂ ᠴᠢᠰᠤᠨ ᠰᠤᠳᠠᠯ ᠢ ᠭᠡᠮᠲᠦᠭᠡᠵᠦ ᠮᠡᠳᠡᠨ᠎ᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号