ᠭᠠᠷᠠᠭ ᠤᠨ ᠰᠠᠬᠦᠯᠴᠢ ᠳᠤ ᠬᠡᠪ ᠤᠨ ᠦᠢᠯᠠᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2023/9/12
      ᠭᠠᠷᠠᠭ ᠤᠨ ᠰᠠᠬᠦᠯᠴᠢ ᠳᠤ ᠬᠡᠪ ᠤᠨ ᠦᠢᠯᠠᠴᠢᠯᠡᠭᠡ ᠬᠠᠩᠭᠠᠵᠦ ᠪᠠᠶᠢᠨ᠎ᠠ                                                       ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠤᠭᠳᠠᠮᠠᠯ  ᠬᠥᠷᠥᠩᠭᠡ ᠶᠢ ᠲᠠᠩᠰᠠᠯᠠᠬᠤ ᠦᠢᠯᠡᠴᠢᠯᠡᠭᠡᠨ ᠤ ᠴᠤᠩᠬᠤᠪᠴᠢ ᠨᠢ 8 ᠰᠠᠷ᠎ᠠ ᠠᠴᠠ ᠡᠬᠢᠯᠡᠨ᠂ ᠭᠠᠷᠠᠭ ᠤᠨ ᠰᠡᠭᠦᠯᠴᠢ ᠳᠤ ᠡᠬᠡᠯᠵᠢᠯᠠᠨ ᠠᠵᠢᠯᠯᠠᠬᠤ ᠳᠦᠷᠢᠮ ᠢ ᠬᠡᠷᠡᠭᠵᠢᠭᠦᠯᠵᠦ᠂ ᠭᠠᠷᠠᠭ ᠤᠨ ᠵᠢᠷᠭᠤᠭᠠᠨ᠂ ᠦᠳᠡ ᠶᠢᠨ ᠡᠮᠦᠨᠡᠬᠢ 9᠄ 00 ︱ 12᠄ 00 ᠴᠠᠭ ᠲᠤ ᠬᠡᠪ ᠤᠨ ᠶᠤᠰᠣᠭᠠᠷ ᠠᠵᠢᠯᠯᠠᠬᠤ ᠪᠤᠯᠤᠭᠰᠠᠨ ᠪᠠᠶᠢᠨ᠎ᠠ᠃
   ᠬᠦᠮᠦᠰ ᠠᠵᠢᠯ ᠠᠮᠢᠳᠣᠷᠠᠯ ᠤᠨ ᠱᠠᠭᠠᠷᠳᠠᠯᠭ᠎ᠠ ᠠᠴᠠ ᠪᠤᠯᠵᠦ᠂ ᠠᠵᠢᠯᠯᠠᠬᠤ ᠴᠠᠭ ᠲᠤ ᠵᠠᠷᠢᠮ ᠦᠢᠯᠠᠴᠢᠯᠠᠬᠡᠨ ᠤ ᠠᠵᠢᠯ ᠢ ᠬᠦᠢᠴᠠᠳᠬᠡᠵᠦ ᠴᠢᠳᠠᠬᠤ ᠦᠭᠡᠢ᠂ ᠤᠯᠠᠨ ᠡᠳᠦᠷ ᠬᠤᠶᠢᠰᠢᠯᠠᠭᠤᠯᠬᠤ ᠪᠠᠶᠢᠳᠠᠯ ᠳᠠᠩᠳᠠ ᠲᠤᠬᠢᠶᠠᠯᠳᠤᠳᠠᠭ᠃ ᠡᠶᠢᠮᠤᠷᠬᠦ ᠪᠠᠶᠢᠳᠠᠯ ᠳᠤ ᠴᠢᠭᠯᠡᠬᠦᠯᠦᠨ᠂ ᠲᠤᠭᠳᠠᠮᠠᠯ ᠬᠥᠷᠥᠩᠭᠡ ᠶᠢ ᠲᠠᠩᠰᠠᠯᠠᠬᠤ ᠦᠢᠯᠡᠴᠢᠯᠡᠭᠡᠨ ᠤ ᠴᠤᠩᠬᠤᠪᠴᠢ ᠨᠢ ︽5 + 2 · ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡ ᠶᠢ ᠬᠡᠷᠡᠭᠵᠢᠬᠦᠯᠵᠦ᠂  ᠭᠠᠷᠠᠭ ᠤᠨ ᠰᠡᠭᠦᠯᠴᠢ ᠳᠤ ᠠᠵᠤ ᠠᠬᠤᠶᠢᠯᠠᠯ᠂ ᠣᠯᠠᠨ ᠲᠦᠮᠡᠨ ᠳᠤ ᠬᠡᠪ ᠤᠨ ᠦᠢᠯᠠᠴᠢᠯᠡᠭᠡ ᠬᠠᠩᠭᠠᠵᠦ᠂ ᠣᠯᠠᠨ ᠲᠦᠮᠡᠨ ᠤ ︽ᠠᠵᠢᠯᠯᠠᠬᠤ ᠴᠠᠭ ᠲᠤ ᠤᠴᠢᠷ ᠶᠠᠪᠤᠳᠠᠯ ᠰᠢᠢᠳᠪᠦᠷᠢᠯᠡᠬᠦ ᠴᠢᠯᠦᠭᠡ ᠦᠭᠡᠢ᠂ ᠠᠮᠠᠷᠠᠬᠤ ᠴᠠᠭ ᠲᠤ ᠤᠴᠢᠷ ᠶᠠᠪᠤᠳᠠᠯ ᠰᠢᠢᠳᠪᠦᠷᠢᠯᠡᠬᠦ ᠭᠠᠵᠠᠷ ᠦᠭᠡᠢ︾ ᠪᠠᠶᠢᠬᠤ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠭᠰᠡᠨ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠬᠤ ᠦᠢᠯᠡᠴᠢᠯᠡᠭᠡᠨ ᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠷᠠᠭ  ᠤᠨ ᠰᠡᠭᠦᠯᠴᠢ ᠶᠢᠨ ᠦᠢᠯᠡᠴᠢᠯᠡᠭᠡᠨ ᠤ ᠴᠤᠩᠬᠤᠪᠴᠢ ᠶᠢ ᠰᠢᠯᠢᠳᠡᠭᠵᠢᠭᠦᠯᠦᠨ᠂ ᠣᠯᠠᠨ ᠲᠦᠮᠡᠨ ᠪᠠ ᠠᠵᠤ ᠠᠬᠤᠶᠢᠯᠠᠯ ᠳᠤ ᠨᠠᠩ ᠰᠢᠯᠢᠳᠡᠭ ᠦᠢᠯᠡᠴᠢᠯᠡᠭᠡ  ᠬᠠᠩᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号