ᠪᠠᠷᠠᠭᠤᠨ ᠦᠵᠦᠮᠦᠴᠢᠨ ᠬᠤᠰᠢᠭᠤ 2023 ᠣᠨ ᠤ ᠪᠥᠬᠦ ᠬᠤᠰᠢᠭᠤᠨ ᠤ ᠬᠤᠶᠠᠳᠤᠭᠠᠷ ᠤᠳᠠᠭᠠᠨ ᠤ ︽ | ᠪᠣᠬᠢᠷᠲᠤᠯ ᠦᠭᠡᠢ ᠣᠶᠤᠨᠲᠤ︾ ᠠᠭᠤᠷᠬᠠᠢ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠡᠷᠭᠢᠯᠡᠪᠡ | | | 9 ᠰᠠᠷ᠎ᠠ ᠶᠢᠨ 4 ᠤ ᠡᠳᠦᠷ᠂ ᠪᠠᠷᠠᠭᠤᠨ ᠦᠵᠦᠮᠦᠴᠢᠨ ᠬᠤᠰᠢᠭᠤ 2023 ᠣᠨ ᠤ ᠬᠤᠶᠠᠳᠤᠭᠠᠷ ᠤᠳᠠᠭᠠᠨ ᠤ | ︽ᠪᠣᠬᠢᠷᠲᠤᠯ ᠦᠭᠡᠢ ᠣᠶᠤᠨᠲᠤ︾ ᠠᠭᠤᠷᠬᠠᠢ ᠶᠢᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ | ᠡᠷᠬᠢᠯᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠤᠨ ᠪᠣᠬᠢᠷᠲᠤᠯ ᠦᠭᠡᠢ ᠠᠭᠤᠷᠬᠠᠢ᠂ | ᠣᠶᠤᠨᠲᠤ ᠠᠭᠤᠷᠬᠠᠢ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠠᠭᠤᠷᠬᠠᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ᠂ ᠠᠷᠭ᠎ᠠ ᠲᠤᠷᠰᠢᠯᠭ᠎ᠠ | ᠰᠤᠷᠤᠯᠴᠠᠭᠤᠯᠵᠤ᠂ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ 2023 ᠣᠨ ᠤ ᠪᠣᠬᠢᠷᠲᠤᠯ ᠦᠭᠡᠢ ᠠᠭᠤᠷᠬᠠᠢ | ᠪᠠ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠬᠤ ᠶᠢ | ᠳᠠᠶᠢᠴᠢᠯᠠᠵᠤ᠂ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠳᠠᠷᠠᠭ᠎ᠠ ᠠᠯᠬᠤᠮ ᠤᠨ ᠠᠵᠢᠯ ᠢ ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠲᠠᠢ ᠫᠢᠡᠭ᠂ ᠬᠤᠰᠢᠭᠤ | ᠳᠡᠳ᠋ ᠳᠠᠷᠤᠭ᠎ᠠ ᠵᠣᠤ ᠭᠦᠸᠧ ᠳ᠋ᠦᠩ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠣᠤᠨᠬᠠᠨᠪᠠᠭᠠᠲᠤᠷ᠂ ᠪᠦᠭᠦ ᠬᠤᠰᠢᠭᠤᠨ ᠤ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠳ | ᠦᠵᠡᠭᠦᠯᠦᠯᠭᠡ ᠶᠢᠨ ᠬᠤᠷᠠᠯ ᠳᠤ ᠣᠷᠣᠯᠴᠠᠵᠠᠢ᠃ | ᠦᠵᠡᠭᠦᠯᠦᠯᠭᠡ ᠶᠢᠨ ᠬᠤᠷᠠᠯ ᠨᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠳ᠋ᠦᠩᠨᠡᠯᠲᠡ ᠶᠢᠨ ᠬᠤᠷᠠᠯ | ᠬᠤᠷᠠᠯᠳᠤᠭᠤᠯᠬᠤ ᠵᠡᠷᠭᠡ ᠬᠤᠶᠠᠷ ᠠᠯᠬᠤᠮ ᠢᠶᠠᠷ ᠶᠠᠪᠤᠭᠳᠠᠪᠠ᠃ | ᠲᠣᠭᠤᠷᠢᠨ ᠦᠵᠡᠬᠦ ᠳᠤᠭᠤᠶᠢᠯᠠᠩ ᠨᠢ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠴᠡᠭ᠂ ᠰᠢᠷᠣᠢ ᠭᠠᠳᠠᠭᠰᠢᠯᠠᠭᠤᠯᠬᠤ ᠲᠠᠯᠠᠪᠠᠢ ᠵᠡᠷᠭᠡ ᠭᠠᠵᠠᠷ | ᠢᠶᠠᠷ ᠬᠦᠷᠴᠦ ᠪᠣᠬᠢᠷᠲᠤᠯ ᠦᠭᠡᠢ ᠠᠭᠤᠷᠬᠠᠢ᠂ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ | ᠢ ᠲᠤᠬᠠᠢ ᠶᠢᠨ ᠭᠠᠵᠠᠷ ᠠᠴᠠ ᠨᠢ ᠣᠶᠢᠯᠠᠭᠠᠵᠤ᠂ ᠶᠤᠸᠠᠢ ᠶᠢᠨ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ | ᠨᠦᠬᠡ ᠶᠢ ᠪᠢᠲᠡᠭᠦᠮᠵᠢᠯᠡᠨ ᠵᠠᠰᠠᠭᠰᠠᠨ ᠪᠠᠶᠢᠳᠠᠯ ᠢ ᠲᠣᠭᠤᠷᠢᠨ ᠦᠵᠡᠪᠡ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠳ᠋ᠦᠩᠨᠡᠯᠲᠡ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ ᠵᠢᠭᠠᠬᠤ ᠳᠠᠭᠠᠨ᠂ ᠪᠦᠬᠦ ᠬᠤᠰᠢᠭᠤᠨ ᠤ ᠡᠯ᠎ᠡ ᠱᠠᠲᠤ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠠᠭᠤᠷᠬᠠᠢ ᠶᠢᠨ ᠠᠵᠤ ᠠᠬᠤᠶᠢᠯᠠᠯ ᠨᠢ ᠦᠵᠡᠯ ᠰᠠᠨᠠᠭ᠎ᠠ ᠵᠣᠭᠰᠣᠴᠠ | ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠥᠷᠥ ᠪᠠ ᠪᠦᠬᠦ ᠲᠠᠯ᠎ᠠ ᠶᠢᠨ ᠥᠨᠳᠥᠷᠴᠡ ᠠᠴᠠ ᠪᠣᠬᠢᠷᠲᠤᠯ | ᠦᠭᠡᠢ ᠠᠭᠤᠷᠬᠠᠢ ᠪᠠ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠪᠠᠴᠢᠮ | ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠨ ᠡᠵᠡᠮᠰᠢᠵᠦ᠂ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ᠂ | ᠬᠤᠰᠢᠭᠤᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠬᠢᠷᠲᠤᠯ ᠦᠭᠡᠢ | ᠠᠭᠤᠷᠬᠠᠢ ᠪᠠ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠨᠲᠡ | ᠲᠣᠭᠲᠠᠭᠠᠭᠰᠠᠨ ᠠᠵᠢᠯ ᠡᠭᠦᠷᠭᠡ ᠪᠠ ᠠᠵᠢᠯ ᠤᠨ ᠡᠬᠡ ᠲᠠᠩᠰᠠ ᠶᠢ ᠴᠢᠩᠭ᠎ᠠ ᠵᠢᠷᠤᠮᠯᠠᠨ᠂ ᠬᠠᠮᠢᠶ᠎ᠠ ᠪᠦᠬᠦᠢ ᠠᠵᠢᠯ ᠢ | ᠯᠠᠪᠳᠠᠭᠤᠨ ᠪᠠᠲᠤᠲᠠᠢ᠂ ᠥᠨᠳᠥᠷ ᠦᠷ᠎ᠡ ᠪᠦᠲᠦᠮᠵᠢᠲᠡᠶ ᠠᠬᠢᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ | ᠪᠠᠲᠤᠳᠬᠠᠵᠤ᠂ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠨ᠂ ᠠᠯᠤᠰ ᠬᠡᠳᠤ ᠶᠢ ᠲᠥᠯᠥᠪᠵᠢᠭᠦᠯᠵᠦ᠂ | ᠡᠷᠴᠢᠮ ᠢᠶᠠᠨ ᠴᠢᠩᠭᠠᠷᠠᠭᠤᠯᠤᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ᠂ ᠣᠶᠤᠨᠲᠤ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠠᠮᠢ ᠠᠬᠤᠢ ᠶᠢᠨ ᠬᠠᠮᠠᠭᠠᠯᠠᠯᠲᠠ ᠪᠣᠯᠣᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠬᠠᠮᠲᠤ ᠳᠤᠨᠢ | ᠴᠢᠩᠭᠠᠳᠬᠠᠬᠤ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠬᠠᠯᠬᠠᠪᠴᠢ ᠶᠢ ᠨᠡᠩ | ᠰᠠᠶᠢᠲᠤᠷ ᠴᠣᠭᠴᠠᠯᠠᠬᠤ ᠬᠡᠷᠡᠭᠲᠡᠢ ᠭᠡᠵᠡᠢ᠃ | ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠪᠥᠬᠦ ᠬᠤᠰᠢᠭᠤᠨ ᠤ ᠪᠣᠬᠢᠷᠲᠤᠯ ᠦᠭᠡᠢ ᠠᠭᠤᠷᠬᠠᠢ᠂ ᠣᠶᠤᠨᠲᠤ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠴᠤ᠂ ᠪᠣᠳᠠᠲᠠᠢ | ᠪᠠᠶᠢᠷᠢᠯᠠᠭᠤᠯᠤᠯᠲᠠ ᠬᠢᠵᠡᠢ᠃ | ᠬᠤᠷᠠᠯ ᠳᠤ᠂ ᠶᠤᠸᠠᠢ ᠶᠢᠨ ᠨᠡᠭᠦᠷᠡᠰᠦᠨ ᠠᠭᠤᠷᠬᠠᠢ᠂ ᠪᠣᠷᠣ ᠨᠡᠭᠦᠷᠡᠰᠦᠨ ᠠᠭᠤᠷᠬᠠᠢ ᠶᠢᠨ ᠬᠠᠷᠢᠭᠤᠴᠠᠯᠭᠠᠲᠠᠨ | ᠠᠴᠠ ᠠᠭᠤᠷᠬᠠᠢ ᠶᠢᠨ ᠨᠦᠬᠡ ᠶᠢ ᠪᠢᠲᠡᠭᠦᠮᠵᠢᠯᠡᠨ ᠵᠠᠰᠠᠬᠤ ᠵᠢᠴᠢ ᠪᠣᠬᠢᠷᠲᠤᠯ ᠦᠭᠡᠢ ᠠᠭᠤᠷᠬᠠᠢ ᠪᠣᠯᠣᠨ ᠣᠶᠤᠨᠲᠤ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠶᠠᠷᠢᠶ᠎ᠠ ᠲᠠᠯᠪᠢᠪᠠ᠃ ᠬᠤᠰᠢᠭᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠠᠴᠠ ᠣᠶᠢᠷ᠎ᠠ ᠶᠢᠨ | ᠬᠤᠭᠤᠴᠠᠭᠠᠨ ᠤ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠠᠭᠤᠷᠬᠠᠢ ᠪᠠ ᠣᠶᠤᠨᠲᠤ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠡᠶᠢᠲᠡᠯᠡᠵᠦ᠂ ᠪᠣᠬᠢᠷᠲᠤᠯ ᠦᠭᠡᠢ ᠠᠭᠤᠷᠬᠠᠢ ᠪᠠ | ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠠᠷᠠᠭ᠎ᠠ ᠨᠢᠭᠡ ᠱᠠᠲᠤᠨ ᠤ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ |