ᠪᠠᠷᠠᠭᠤᠨ ᠦᠵᠦᠮᠦᠴᠢᠨ ᠬᠤᠰᠢᠭᠤ ᠭᠤᠷᠪᠠᠨ ᠬᠡᠰᠡᠭ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ | ᠰᠠᠶᠢᠵᠢᠷᠠᠭᠤᠯᠪᠠ | | | ᠬᠤᠲᠠ ᠶᠢᠨ ᠵᠠᠮ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢᠨ | ᠲᠤᠰᠠᠳᠠ᠂ ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤ ᠨᠢ ᠪᠠᠯᠭᠠᠷᠭᠤᠣᠯ ᠪᠠᠯᠭᠠᠰᠤᠨ ᠳᠠᠬᠢ | ᠭᠤᠷᠪᠠᠨ ᠬᠡᠰᠡᠭ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠵᠤ᠂ ᠬᠤᠲᠠ ᠶᠢᠨ ᠵᠠᠮ ᠤᠨ | ᠪᠦᠷᠢᠨ ᠪᠦᠲᠦᠨ ᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠠᠶᠠᠯᠠᠬᠤ ᠳᠤ ᠪᠠᠲᠤᠯᠠᠭ᠎ᠠ ᠬᠠᠩᠭᠠᠨ᠂ | ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠪᠠ᠃ | ᠲᠥᠷᠥᠯ ᠵᠦᠢᠯ ᠨᠢᠭᠡ᠄ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠲᠣᠭᠤᠷᠢᠭ ᠠᠴᠠ ᠬᠤᠲᠠ ᠶᠢᠨ ᠲᠣᠭᠤᠷᠢᠭ ᠬᠦᠷᠬᠦ ᠵᠠᠮ ᠢ ᠵᠠᠰᠠᠬᠤ | ᠢᠨᠵᠧᠨᠧᠷᠢᠩ | | | ᠤᠤᠯ ᠤᠨ ᠵᠠᠮ ᠢ ᠨᠢᠭᠡᠨᠲᠡ ᠣᠯᠠᠨ ᠵᠢᠯ ᠬᠡᠷᠡᠭᠯᠡᠭᠰᠡᠨ ᠲᠤᠯᠠ᠂ ᠵᠠᠮ ᠤᠨ ᠭᠠᠳᠠᠷᠭᠤ ᠨᠢ ᠶᠡᠭᠡ ᠬᠡᠪᠴᠢᠶ᠎ᠡ ᠪᠠᠷ | ᠰᠠᠭᠤᠭᠳᠠᠨ ᠡᠪᠳᠡᠭᠳᠡᠵᠦ᠂ ᠬᠦᠮᠦᠰ ᠤᠨ ᠶᠠᠪᠤᠵᠤ ᠰᠠᠭᠤᠬᠤ ᠳᠤ ᠳᠦᠭᠦᠮ ᠦᠭᠡᠢ ᠪᠣᠯᠪᠠ᠃ ᠬᠦᠷᠢᠶᠡᠯᠡᠩ | ᠲᠣᠭᠤᠷᠢᠭ ᠤᠨ ᠵᠠᠮ ᠬᠠᠷᠢᠯᠴᠠᠭᠠᠨ ᠤ ᠳᠠᠷᠤᠯᠲᠠ ᠶᠢ ᠪᠠᠭᠠᠰᠬᠠᠨ᠂ ᠵᠠᠮ ᠨᠡᠪᠲᠡᠷᠡᠯᠭᠡ ᠶᠢᠨ ᠴᠢᠳᠠᠪᠤᠷᠢ ᠶᠢ | ᠰᠠᠶᠢᠵᠢᠷᠠᠭᠤᠯᠵᠤ᠂ ᠠᠵᠤ ᠠᠬᠤᠶᠢᠯᠠᠯ᠂ ᠰᠠᠭᠤᠭᠠᠯᠢ ᠠᠷᠠᠳ ᠵᠢᠴᠢ ᠡᠷᠬᠢᠨ ᠲᠣᠭᠤᠷᠢᠨ ᠤ ᠮᠠᠯᠵᠢᠬᠤ ᠡᠷᠥᠭᠡ ᠶᠢᠨ | ᠲᠡᠭᠡᠭᠡᠪᠦᠷᠢ ᠪᠠ ᠦᠢᠯᠡᠳᠪᠦᠷᠢᠯᠡᠯ ᠳᠤ ᠲᠥᠬᠦᠮ ᠨᠥᠬᠦᠴᠡᠯ ᠬᠠᠩᠭᠠᠬᠤ ᠶᠢᠨ ᠲᠤᠰᠠᠳᠠ᠂ ᠲᠣᠰ ᠵᠠᠮ ᠤᠨ ᠬᠡᠰᠡᠭ ᠢ | ᠤᠤᠯ ᠤᠨ ᠰᠠᠭᠤᠷᠢᠨ ᠳᠡᠭᠡᠷ᠎ᠡ ᠨᠢ ᠳᠠᠬᠢᠨ ᠰᠢᠨᠡᠳᠬᠡᠨ ᠵᠠᠰᠠᠪᠠ᠃ ᠲᠤᠰ ᠵᠠᠮ ᠤᠨ ᠬᠡᠰᠡᠭ ᠢ ᠥᠭᠡᠷᠡᠴᠢᠯᠡᠨ | ᠰᠠᠶᠢᠵᠢᠷᠠᠭᠤᠯᠤᠭᠰᠠᠨ ᠨᠢ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ᠂ ᠬᠤᠲᠠ ᠶᠢᠨ ᠶᠠᠪᠤᠳᠠᠯ ᠤᠨ | ᠳᠦᠬᠦᠭᠡᠷᠦᠮᠵᠢ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠬᠤᠲᠠ ᠶᠢᠨ ᠳᠦᠷᠢ | ᠲᠥᠷᠬᠦ ᠶᠢ ᠳᠡᠭᠡᠭᠰᠢᠯᠡᠭᠦᠯᠬᠦ᠂ ᠳᠦᠷᠰᠦ ᠪᠠᠶᠢᠳᠠᠯ ᠢ ᠰᠠᠶᠢᠵᠢᠷᠠᠭᠤᠯᠬᠤ᠂ ᠠᠵᠤ ᠠᠬᠤᠢ ᠶᠢᠨ ᠣᠷᠴᠢᠨ ᠲᠣᠭᠤᠷᠢᠨ᠂ | ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠵᠢᠭᠤᠯᠴᠢᠯᠠᠯ ᠤᠨ ᠣᠷᠴᠢᠨ ᠲᠣᠭᠤᠷᠢᠨ ᠵᠡᠷᠭᠡ ᠶᠢ | ᠰᠢᠯᠢᠳᠡᠭᠵᠢᠭᠦᠯᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠪᠣᠯᠬᠤ ᠶᠤᠮ᠃ | | | ᠲᠣᠰ ᠢᠨᠵᠧᠨᠧᠷᠢᠩ ᠤᠨ ᠭᠤᠣᠯ ᠱᠤᠭᠤᠮ ᠤᠨ ᠵᠠᠮ ᠵᠠᠰᠠᠬᠤ ᠬᠡᠪᠴᠢᠶ᠎ᠡ ᠨᠢ K0 + 430 - K4 + 467. | 003᠂ ᠣᠷᠳᠣ ᠨᠢ 4037.003 ᠮᠧᠲᠷ᠂ ᠵᠠᠮ ᠤᠨ ᠳᠡᠰ ᠨᠢ ᠬᠤᠲᠠ ᠶᠢᠨ ᠭᠤᠣᠯ ᠳᠡᠳ᠋ ᠵᠠᠮ ᠪᠣᠯᠣᠨ᠎ᠠ᠃ | ᠲᠥᠯᠥᠪᠯᠡᠭᠰᠡᠨ ᠬᠤᠷᠳᠤᠴᠠ ᠨᠢ 40KM/H᠂ ᠬᠤᠭᠤᠴᠠᠭ᠎ᠠ ᠨᠢ 20 ᠵᠢᠯ ᠪᠣᠯᠣᠨ᠎ᠠ᠃ ᠵᠠᠮ ᠤᠨ ᠰᠠᠭᠤᠷᠢ ᠶᠢᠨ | ᠥᠷᠭᠡᠨ ᠤ ᠬᠡᠮᠵᠢᠶ᠎ᠡ ᠨᠢ 8.5 ᠮᠧᠲᠷ᠂ ᠵᠠᠮ ᠤᠨ ᠨᠢᠭᠤᠷ ᠤᠨ ᠥᠷᠭᠡᠨ ᠤ ᠬᠡᠮᠵᠢᠶ᠎ᠡ ᠨᠢ 7.0 ᠮᠧᠲᠷ᠂ ᠬᠠᠶᠢᠷ | ᠴᠢᠯᠠᠭᠤᠨ ᠵᠠᠮ ᠤᠨ ᠬᠥᠪᠡᠭᠡ ᠶᠢᠨ ᠥᠷᠭᠡᠨ ᠨᠢ 1.5 ᠮᠧᠲᠷ ᠪᠠᠶᠢᠵᠤ᠂ ᠥᠭᠡᠷᠡᠴᠢᠯᠡᠬᠦ ᠵᠠᠮ ᠤᠨ ᠭᠠᠳᠠᠷᠭᠤ ᠨᠢ | 28690 ᠬᠠᠪᠲᠠᠭᠠᠢ ᠳᠥᠷᠪᠡᠯᠵᠢᠨ ᠮᠧᠲᠷ᠂ ᠵᠠᠮ ᠤᠨ ᠭᠠᠳᠠᠷᠭᠤ ᠳᠤ ᠱᠦᠢᠨᠢ ᠪᠧᠲ᠋ᠤᠨ ᠳᠠᠪᠬᠤᠷᠭ᠎ᠠ ᠳᠡᠪᠢᠰᠪᠡ᠃ | ᠪᠥᠬᠦ ᠱᠤᠭᠤᠮ ᠳᠤ 1-1.0 ᠤᠨ ᠭᠤᠯᠳᠣᠩ ᠬᠥᠨᠳᠡᠢ ᠶᠢ ᠬᠤᠶᠠᠷ ᠢ ᠲᠣᠬᠢᠷᠠᠭᠤᠯᠵᠤ᠂ 1-2.0 ᠤᠨ ᠭᠤᠯᠳᠣᠩ | ᠬᠥᠨᠳᠡᠢ ᠶᠢ ᠨᠢᠭᠡ ᠶᠢ ᠲᠣᠬᠢᠷᠠᠭᠤᠯᠪᠠ᠃ ᠵᠠᠮ ᠤᠨ ᠬᠤᠶᠠᠷ ᠲᠠᠯ᠎ᠠ ᠪᠠᠷ ᠨᠡᠷᠡᠨ ᠤ ᠡᠨᠧᠷᠭᠢ ᠶᠢᠨ ᠳ᠋ᠧᠩ ᠤᠭᠰᠠᠷᠠᠪᠠ᠃ | | ᠲᠥᠷᠥᠯ ᠵᠦᠢᠯ ᠬᠤᠶᠠᠷ᠄ ᠪᠠᠯᠭᠠᠷᠭᠤᠣᠯ ᠪᠠᠯᠭᠠᠰᠤᠨ ᠤ ᠴᠠᠶᠢᠳᠠᠮ ᠵᠠᠮ ︵ᠬᠤᠷᠠᠯ ᠦᠵᠡᠰᠬᠦᠯᠡᠩ ᠤᠨ ᠲᠥᠪ ᠤᠨ | ᠬᠡᠰᠡᠭ︶ ᠤᠨ ᠰᠢᠨ᠎ᠡ ᠪᠠᠷ ᠪᠠᠶᠢᠭᠤᠯᠬᠤ ᠵᠠᠮ ᠵᠢᠴᠢ ᠬᠠᠷᠠᠭᠠᠯᠵᠠᠭᠰᠠᠨ ᠬᠤᠭᠤᠯᠠᠢ ᠲᠣᠣᠷ ᠤᠨ ᠢᠨᠵᠧᠨᠧᠷᠢᠩ ︵ | ᠪᠠᠷᠢᠯᠭ᠎ᠠ ᠶᠢᠨ ᠬᠡᠰᠡᠭ︶ | ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠤᠲᠠ ᠪᠠᠯᠭᠠᠰᠤᠨ ᠤ ᠰᠠᠭᠤᠷᠢ ᠳᠦᠬᠦᠭᠡᠷᠦᠮᠵᠢ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠦᠨ ᠰᠠᠶᠢᠵᠢᠷᠠᠭᠤᠯᠬᠤ ᠳᠤ ᠠᠰᠢᠭᠲᠠᠢ ᠪᠥᠭᠡᠳ ᠵᠠᠮ ᠤᠨ ᠲᠣᠣᠷ ᠨᠢ ᠪᠦᠷᠢᠨ | ᠲᠡᠭᠦᠯᠳᠡᠷ᠂ ᠴᠢᠳᠠᠮᠵᠢ ᠨᠢ ᠲᠣᠳᠣᠷᠬᠠᠢ᠂ ᠪᠦᠲᠦᠴᠡ ᠨᠢ ᠵᠦᠢ ᠵᠣᠬᠢᠰᠲᠠᠢ᠂ ᠲᠡᠷᠢᠭᠦᠨ ᠤ ᠬᠠᠮᠢᠶᠠᠷᠤᠯᠲᠠ ᠲᠠᠢ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠤᠨ ᠰᠢᠰᠲ᠋ᠧᠮ ᠢ ᠪᠦᠷᠢᠯᠳᠦᠭᠦᠯᠬᠦ ᠳᠤ ᠠᠰᠢᠭᠲᠠᠢ ᠪᠠᠶᠢᠵᠤ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠲᠥᠬᠦᠮ ᠨᠥᠬᠦᠴᠡᠯ ᠪᠣᠯᠣᠨ ᠬᠤᠲᠠ ᠶᠢᠨ | ᠶᠠᠪᠤᠳᠠᠯ ᠤᠨ ᠢᠵᠢ ᠪᠦᠷᠢᠨ ᠦᠢᠯᠡᠴᠢᠯᠡᠭᠡ ᠬᠠᠩᠭᠠᠵᠤ᠂ ᠬᠤᠲᠠ ᠶᠢᠨ ᠶᠠᠪᠤᠳᠠᠯ ᠤᠨ ᠳᠦᠬᠦᠭᠡᠷᠦᠮᠵᠢ ᠶᠢᠨ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ | ᠰᠢᠨ᠎ᠡ ᠪᠠᠷ ᠪᠠᠶᠢᠭᠤᠯᠤᠭᠰᠠᠨ ᠵᠠᠮ ᠤᠨ ᠣᠷᠳᠣ ᠨᠢ 385 ᠮᠧᠲᠷ᠂ ᠲᠡᠷᠭᠡᠨ ᠵᠠᠮ ᠤᠨ ᠥᠷᠭᠡᠨ ᠨᠢ 24 ᠮᠧᠲᠷ᠂ | ᠲᠠᠯᠠᠪᠠᠶ ᠨᠢ 9240 ᠬᠠᠪᠲᠠᠭᠠᠢ ᠳᠥᠷᠪᠡᠯᠵᠢᠨ ᠮᠧᠲᠷ ᠪᠠᠶᠢᠵᠤ᠂ ᠶᠠᠪᠠᠭᠠᠨ ᠬᠥᠮᠥᠨ ᠤ ᠵᠠᠮ ᠤᠨ ᠥᠷᠭᠡᠨ ᠨᠢ 6 | ᠮᠧᠲᠷ ︵ᠵᠠᠮ ᠤᠨ ᠬᠤᠶᠠᠷ ᠲᠠᠯ᠎ᠠ ᠳᠤ ᠴᠥᠮ ᠶᠠᠪᠠᠭᠠᠨ ᠬᠦᠮᠦᠨ ᠤ ᠵᠠᠮ ᠪᠠᠶᠢᠷᠢᠯᠠᠭᠤᠯᠪᠠ︶᠂ ᠲᠠᠯᠠᠪᠠᠶ ᠨᠢ 4620 | ᠬᠠᠪᠲᠠᠭᠠᠢ ᠳᠥᠷᠪᠡᠯᠵᠢᠨ ᠮᠧᠲᠷ ᠪᠣᠯᠣᠨ᠎ᠠ᠃ ᠵᠠᠮ ᠵᠠᠰᠠᠭᠰᠠᠨ ᠲᠠᠯᠠᠪᠠᠶ ᠨᠢ ᠨᠡᠶᠢᠲᠡ 13860 ᠬᠠᠪᠲᠠᠭᠠᠢ | ᠳᠥᠷᠪᠡᠯᠵᠢᠨ ᠮᠧᠲᠷ ᠪᠣᠯᠣᠨ᠎ᠠ᠃ 458 ᠮᠧᠲᠷ ᠤᠰᠤ ᠬᠠᠩᠭᠠᠬᠤ ᠬᠤᠭᠤᠯᠠᠢ᠂ 708 ᠮᠧᠲᠷ ᠪᠣᠷᠣᠭᠠᠨ ᠤ | ᠤᠰᠤ ᠵᠠᠯᠠᠬᠤ ᠬᠤᠭᠤᠯᠠᠢ᠂ 450 ᠮᠧᠲᠷ ᠪᠣᠬᠢᠷ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠵᠤ᠂ 820 | ᠮᠧᠲᠷ ᠤᠷᠲᠤ ᠭᠡᠷᠡᠯᠲᠦᠭᠦᠯᠭᠡ ᠳᠤ ᠬᠡᠷᠡᠭᠯᠡᠬᠦ ᠴᠠᠬᠢᠯᠭᠠᠨ ᠤᠲᠠᠰᠤ ᠶᠢ ᠰᠢᠨ᠎ᠡ ᠪᠠᠷ ᠲᠠᠲᠠᠵᠤ᠂ 24 ᠵᠠᠮ ᠤᠨ ᠳ᠋ᠧᠩ ᠢ | ᠰᠢᠨ᠎ᠡ ᠪᠠᠷ ᠲᠣᠬᠢᠷᠠᠭᠤᠯᠤᠨ᠂ 505 ᠮᠧᠲᠷ ᠴᠠᠬᠢᠯᠭᠠᠨ ᠬᠦᠴᠦᠨ ᠤ ᠬᠤᠭᠤᠯᠠᠢ᠂ 524 ᠮᠧᠲᠷ ᠴᠠᠬᠢᠯᠭᠠᠨ | ᠬᠤᠯᠪᠣᠭᠠᠨ ᠤ ᠬᠤᠭᠤᠯᠠᠢ ᠪᠣᠯᠣᠨ 385 ᠮᠧᠲᠷ ᠳᠤᠯᠠᠭᠠᠯᠠᠭ᠎ᠠ ᠶᠢᠨ ᠬᠤᠭᠤᠯᠠᠢ ᠶᠢ ᠰᠢᠨ᠎ᠡ ᠪᠠᠷ ᠪᠠᠶᠢᠭᠤᠯᠪᠠ᠃ | ᠲᠥᠷᠥᠯ ᠵᠦᠢᠯ ᠭᠤᠷᠪᠠ᠄ ᠪᠠᠯᠭᠠᠷᠭᠤᠣᠯ ᠪᠠᠯᠭᠠᠰᠤᠨ ᠤ ᠭᠤᠷᠣᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ | ᠲᠣᠰᠬᠤᠨ ᠠᠴᠠ ᠬᠤᠲᠠ ᠶᠢᠨ ᠲᠡᠭᠦᠷᠭᠡ ᠶᠢᠨ ᠵᠡᠭᠦᠨ ᠵᠠᠮ ᠬᠦᠷᠬᠦ ᠵᠠᠮ ᠢ ᠰᠢᠨ᠎ᠡ ᠪᠠᠷ ᠪᠠᠶᠢᠭᠤᠯᠬᠤ ᠢᠨᠵᠧᠨᠧᠷᠢᠩ | | | ᠭᠤᠷᠣᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ ᠲᠣᠰᠬᠤᠨ ᠠᠴᠠ ᠬᠤᠲᠠ ᠶᠢᠨ ᠲᠡᠭᠦᠷᠭᠡ ᠶᠢᠨ ᠵᠡᠭᠦᠨ ᠵᠠᠮ | ᠬᠦᠷᠬᠦ ᠵᠠᠮ ᠢ ᠰᠢᠨ᠎ᠡ ᠪᠠᠷ ᠪᠠᠶᠢᠭᠤᠯᠤᠨ᠎ᠠ᠂ ᠲᠤᠰ ᠵᠠᠮ ᠨᠢ ᠭᠤᠷᠣᠬᠠᠨ ᠵᠡᠭᠡᠯᠢ ᠶᠢᠨ ᠰᠠᠭᠠᠯᠢ ᠶᠢᠨ ᠦᠨᠢᠶᠡᠨ ᠤ | ᠲᠣᠰᠬᠤᠨ ᠠᠴᠠ ᠵᠡᠭᠦᠨᠰᠢ ᠬᠤᠲᠠ ᠶᠢᠨ ᠲᠡᠭᠦᠷᠭᠡ ᠶᠢᠨ ᠵᠡᠭᠦᠨ ᠵᠠᠮ ᠬᠦᠷᠴᠦ᠂ ᠪᠥᠬᠦ ᠣᠷᠳᠣ ᠨᠢ 1532.165 | ᠮᠧᠲᠷ ᠪᠠᠶᠢᠵᠤ᠂ ᠡᠭᠦᠨ ᠳᠤ ᠣᠷᠳᠣ ᠨᠢ 168.8 ᠮᠧᠲᠷ ᠪᠣᠯᠬᠤ ᠨᠢᠭᠡ ᠬᠥᠭᠦᠷᠭᠡ ᠶᠢ ᠰᠢᠨ᠎ᠡ ᠪᠠᠷ ᠪᠠᠶᠢᠭᠤᠯᠤᠨ᠎ᠠ᠃ | ᠰᠢᠨ᠎ᠡ ᠪᠠᠷ ᠪᠠᠶᠢᠭᠤᠯᠬᠤ ᠵᠠᠮ ᠤᠨ ᠪᠥᠬᠦ ᠣᠷᠳᠣ ᠨᠢ 1363.365 ᠮᠧᠲᠷ ᠪᠠᠶᠢᠵᠤ᠂ ᠵᠠᠮ ᠤᠨ | ᠪᠠᠶᠢᠷᠢᠯᠠᠭᠤᠯᠤᠯᠲᠠ ᠶᠢᠨ ᠬᠡᠯᠪᠡᠷᠢ ᠨᠢ 5m ︵ᠶᠠᠪᠠᠭᠠᠨ ᠬᠥᠮᠥᠨ ᠤ ᠵᠠᠮ᠂ ᠨᠣᠭᠤᠭᠠᠷᠠᠭᠤᠯᠤᠯᠲᠠ ᠶᠢᠨ ᠬᠡᠰᠡᠭ ᠢ | ᠪᠠᠭᠠᠲᠠᠭᠠᠨᠠ︶ + 30m ︵ᠲᠡᠷᠭᠡᠨ ᠵᠠᠮ︶ + 5m ︵ᠶᠠᠪᠠᠭᠠᠨ ᠬᠥᠮᠥᠨ ᠤ ᠵᠠᠮ᠂ ᠨᠣᠭᠤᠭᠠᠷᠠᠭᠤᠯᠤᠯᠲᠠ ᠶᠢᠨ | ᠬᠡᠰᠡᠭ ᠢ ᠪᠠᠭᠠᠲᠠᠭᠠᠨᠠ︶ ᠪᠠᠶᠢᠵᠤ᠂ ᠪᠠᠷᠤᠭᠰᠢᠨ ᠭᠠᠳᠠᠷᠭᠤ ᠳᠡᠪᠢᠰᠦᠨ᠎ᠡ᠃ ᠲᠡᠷᠭᠡᠨ ᠵᠠᠮ ᠤᠨ ᠶᠡᠷᠦᠩᠬᠡᠢ ᠲᠠᠯᠠᠪᠠᠶ | ᠨᠢ 41392.526 ᠬᠠᠪᠲᠠᠭᠠᠢ ᠳᠥᠷᠪᠡᠯᠵᠢᠨ ᠮᠧᠲᠷ᠂ ᠶᠠᠪᠠᠭᠠᠨ ᠬᠥᠮᠥᠨ ᠤ ᠵᠠᠮ ᠤᠨ ᠶᠡᠷᠦᠩᠬᠡᠢ ᠲᠠᠯᠠᠪᠠᠶ ᠨᠢ | 13749.25 ᠬᠠᠪᠲᠠᠭᠠᠢ ᠳᠥᠷᠪᠡᠯᠵᠢᠨ ᠮᠧᠲᠷ ︵ᠨᠣᠭᠤᠭᠠᠷᠠᠭᠤᠯᠤᠯᠲᠠ ᠶᠢᠨ ᠬᠡᠰᠡᠭ ᠤᠨ ᠲᠠᠯᠠᠪᠠᠶ ᠨᠢ 607.68 | ᠬᠠᠪᠲᠠᠭᠠᠢ ᠳᠥᠷᠪᠡᠯᠵᠢᠨ ᠮᠧᠲᠷ᠂ ᠮᠣᠳᠣ ᠲᠠᠷᠢᠬᠤ ᠬᠤᠩᠭᠢᠯ 422 ᠪᠣᠶ︶ ᠪᠣᠯᠣᠨ᠎ᠠ᠃ 1904 ᠮᠧᠲᠷ ᠤᠰᠤ | ᠬᠠᠩᠭᠠᠬᠤ ᠬᠤᠭᠤᠯᠠᠢ᠂ 3138.5 ᠮᠧᠲᠷ ᠪᠣᠷᠣᠭᠠᠨ ᠤ ᠤᠰᠤ ᠵᠠᠯᠠᠬᠤ ᠬᠤᠭᠤᠯᠠᠢ᠂ 2875 ᠮᠧᠲᠷ ᠪᠣᠬᠢᠷ | ᠤᠰᠤᠨ ᠤ ᠬᠤᠭᠤᠯᠠᠢ᠂ 3746 ᠮᠧᠲᠷ ᠳᠤᠯᠠᠭᠠᠯᠠᠭ᠎ᠠ ᠶᠢᠨ ᠬᠤᠭᠤᠯᠠᠢ᠂ 1520 ᠮᠧᠲᠷ ᠴᠠᠬᠢᠯᠭᠠᠨ | ᠬᠤᠯᠪᠣᠭᠠᠨ ᠤ ᠬᠤᠭᠤᠯᠠᠢ ᠶᠢ ᠰᠢᠨ᠎ᠡ ᠪᠠᠷ ᠪᠠᠶᠢᠭᠤᠯᠤᠨ᠎ᠠ᠃ 3800 ᠮᠧᠲᠷ ᠤᠷᠲᠤ ᠵᠠᠮ ᠤᠨ ᠭᠡᠷᠡᠯᠲᠦᠭᠦᠯᠭᠡ ᠳᠤ | ᠬᠡᠷᠡᠭᠯᠡᠬᠦ ᠴᠠᠬᠢᠯᠭᠠᠨ ᠤᠲᠠᠰᠤ ᠶᠢ ᠰᠢᠨ᠎ᠡ ᠪᠠᠷ ᠲᠠᠲᠠᠵᠤ᠂ 94 ᠵᠠᠮ ᠤᠨ ᠳ᠋ᠧᠩ ᠪᠣᠯᠣᠨ 1 ᠬᠦᠴᠦᠳᠡᠯ | ᠥᠭᠡᠷᠡᠴᠢᠯᠡᠭᠴᠢ ᠶᠢ ᠰᠢᠨ᠎ᠡ ᠪᠠᠷ ᠲᠣᠬᠢᠷᠠᠭᠤᠯᠤᠨ᠎ᠠ᠃ 2 ᠬᠡᠰᠡᠭ ᠲᠡᠷᠭᠡᠨ ᠵᠣᠭᠰᠣᠭᠠᠯ ᠢ ᠰᠢᠨ᠎ᠡ ᠪᠠᠷ ᠪᠠᠶᠢᠭᠤᠯᠵᠤ᠂ | ᠵᠣᠭᠰᠣᠭᠠᠯ ᠪᠦᠷᠢ ᠶᠢᠨ ᠡᠵᠡᠯᠡᠬᠦ ᠲᠠᠯᠠᠪᠠᠶ ᠨᠢ 3000 ᠬᠠᠪᠲᠠᠭᠠᠢ ᠳᠥᠷᠪᠡᠯᠵᠢᠨ ᠮᠧᠲᠷ ᠪᠠᠶᠢᠵᠤ᠂ ᠪᠦᠬᠦ ᠲᠠᠯᠠᠪᠠᠶ | ᠨᠢ 6000 ᠬᠠᠪᠲᠠᠭᠠᠢ ᠳᠥᠷᠪᠡᠯᠵᠢᠨ ᠮᠧᠲᠷ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ | ᠨᠢ 10232.78 ᠲᠦᠮᠡᠨ ᠲᠥᠭᠦᠷᠢᠭ ᠪᠣᠯᠣᠨ᠎ᠠ᠃ | ᠲᠣᠰ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠰᠠᠭᠤᠭᠠᠯᠢ ᠠᠷᠠᠳ ᠤᠨ | ᠶᠠᠪᠤᠵᠤ ᠰᠠᠭᠤᠬᠤ ᠳᠤ ᠲᠥᠬᠦᠮ ᠨᠦᠭᠦᠴᠡᠯ ᠢ ᠬᠠᠩᠭᠠᠨ᠂ ᠵᠠᠮ ᠬᠠᠷᠢᠯᠴᠠᠭᠠᠨ ᠤ ᠪᠠᠶᠢᠳᠠᠯ ᠢ ᠰᠠᠶᠢᠵᠢᠷᠠᠭᠤᠯᠵᠤ᠂ | ᠣᠷᠣᠨ ᠪᠦᠰᠡ ᠶᠢᠨ ᠨᠡᠶᠢᠭᠡᠮ ᠠᠵᠤ ᠠᠬᠤᠢ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ | ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ |