ᠪᠦᠬᠦ ᠤᠯᠤᠰ ᠤᠨ ᠠᠯᠳᠠᠷᠲᠤ ᠠᠬᠠᠮᠠᠳ ᠮᠤᠩᠭᠤᠯ ᠡᠮᠴᠢ ᠬᠤᠸᠠᠩ ᡁᠢ ᠭᠠᠩ ᠤᠨ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠠᠬᠢ ᠠᠵᠢᠯᠯᠠᠬᠤ ᠥᠷᠲᠡᠭᠡ ᠫᠠᠶᠢᠰᠠ ᠪᠠᠨ ᠰᠡᠬᠦᠯ᠎ᠡ
ᠨᠡᠶᠢᠲᠡᠯᠡᠭᠰᠡᠨ ᠴᠠᠭ᠄
2023/9/12
 ᠪᠦᠬᠦ ᠤᠯᠤᠰ ᠤᠨ ᠠᠯᠳᠠᠷᠲᠤ ᠠᠬᠠᠮᠠᠳ ᠮᠤᠩᠭᠤᠯ ᠡᠮᠴᠢ ᠬᠤᠸᠠᠩ ᡁᠢ ᠭᠠᠩ ᠤᠨ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠠᠬᠢ ᠠᠵᠢᠯᠯᠠᠬᠤ ᠥᠷᠲᠡᠭᠡ ᠫᠠᠶᠢᠰᠠ ᠪᠠᠨ ᠰᠡᠬᠦᠯ᠎ᠡ                         9 ᠰᠠᠷ᠎ᠠ ᠶᠢᠨ 6 ᠤ ᠦᠳᠡ ᠶᠢᠨ ᠡᠮᠦᠨ᠎ᠡ᠂ ᠪᠦᠬᠦ ᠤᠯᠤᠰ ᠤᠨ ᠠᠯᠳᠠᠷᠲᠤ ᠠᠬᠠᠮᠠᠳ ᠮᠤᠩᠭᠤᠯ ᠡᠮᠴᠢ ᠬᠤᠸᠠᠩ ᡁᠢ ᠭᠠᠩ ᠤᠨ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠠᠬᠢ ᠠᠵᠢᠯᠯᠠᠬᠤ ᠥᠷᠲᠡᠭᠡ ᠫᠠᠶᠢᠰᠠ ᠰᠡᠬᠦᠨ ᠪᠠᠶᠢᠭᠤᠯᠣᠭᠳᠠᠵᠣ᠂ ᠪᠥᠬᠦ ᠣᠯᠣᠰ ᠤᠨ ᠠᠯᠳᠠᠷᠲᠤ ᠠᠬᠠᠮᠠᠳ ᠮᠣᠩᠭᠤᠯ ᠡᠮᠴᠢ᠂ ᠥᠪᠦᠷ ᠮᠤᠩᠭᠤᠯ ᠤᠨ ᠣᠯᠠᠨ ᠣᠯᠣᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮ ᠡᠮᠨᠡᠯᠭᠡ ᠶᠢᠨ ᠰᠣᠳᠣᠯᠬᠤ ᠲᠠᠰᠤᠭ ᠤᠨ ᠡᠷᠬᠢᠯᠡᠭᠴᠢ᠂ ᠮᠣᠩᠭᠤᠯ ᠡᠮᠨᠡᠯᠭᠡ ᠶᠢᠨ ᠵᠢᠷᠦᠬᠡ ᠲᠠᠷᠢᠬᠢᠨ ᠤ ᠰᠣᠳᠠᠯ ᠤᠨ ᠡᠪᠡᠳᠴᠢᠨ ᠤ ᠰᠠᠯᠪᠤᠷᠢ ᠶᠢᠨ ᠬᠤᠰᠢᠭᠤᠴᠢᠯᠠᠭᠴᠢ ᠬᠤᠸᠠᠩ ᡁᠢ ᠭᠠᠩ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠭᠤᠤᠯ ᠬᠠᠷᠢᠭᠤᠴᠠᠯᠭᠠᠳᠠᠨ᠂ ᠮᠣᠩᠭᠤᠯ ᠡᠮᠨᠡᠯᠭᠡ ᠶᠢᠨ ᠭᠠᠳᠠᠷ ᠵᠠᠰᠠᠯᠭ᠎ᠠ ᠶᠢᠨ ᠲᠤᠰᠬᠠᠢ ᠮᠡᠷᠭᠡᠵᠢᠯᠲᠡᠨ᠂ ᠡᠷᠡᠭᠦᠯ ᠬᠠᠮᠠᠭᠠᠯᠠᠯ ᠤᠨ ᠵᠥᠪᠯᠡᠯ ᠤᠨ ᠬᠠᠮᠢᠶᠠᠲᠠᠢ ᠬᠠᠷᠢᠭᠤᠴᠠᠯᠭᠠᠳᠠᠨ ᠶᠣᠰᠣᠯᠠᠯ ᠳᠤ ᠣᠷᠣᠯᠴᠠᠪᠠ᠃   ᠶᠣᠰᠣᠯᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ  ᠬᠠᠷᠢᠭᠤᠴᠠᠯᠭᠠᠳᠠᠨ ᠶᠠᠷᠢᠶ᠎ᠠ ᠲᠠᠯᠪᠢᠵᠤ᠂ ︽ᠪᠥᠬᠦ ᠤᠯᠤᠰ ᠤᠨ ᠨᠠᠷᠠᠲᠤ ᠠᠬᠠᠮᠠᠳ ᠮᠣᠩᠭᠤᠯ ᠡᠮᠴᠢ ᠬᠤᠸᠠᠩ ᡁᠢ ᠭᠠᠩ ᠤᠨ ᠠᠵᠢᠯ ᠤᠨ ᠥᠷᠦᠭᠡ ᠶᠢᠨ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ  ᠳᠠᠬᠢ ᠠᠵᠢᠯᠯᠠᠬᠤ ᠥᠷᠲᠡᠭᠡ︾ ᠪᠠᠶᠢᠭᠤᠯᠤᠭᠳᠠᠭᠰᠠᠨ ᠶᠠᠪᠤᠳᠠᠯ ᠪᠣᠯ ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠪᠤᠶᠠᠨ ᠬᠡᠰᠢᠭ ᠮᠥᠨ᠂ ᠪᠦᠬᠦ ᠬᠤᠰᠢᠭᠤᠨ ᠤ ᠮᠣᠩᠭᠤᠯ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠ ︽ᠴᠢᠳᠠᠪᠤᠷᠢᠲᠠᠨ ᠢᠶᠠᠷ ᠡᠮᠨᠡᠯᠭᠡ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠮᠦᠨᠴᠦ ᠮᠤᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮ ᠡᠮᠨᠡᠯᠭᠡ  ᠶᠢᠨ ᠦᠢᠯᠡᠰ ᠤᠨ ᠥᠷᠨᠢᠩᠭᠦᠢ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ ᠬᠡᠵᠠᠢ᠃    ᠫᠠᠶᠢᠰᠠ ᠰᠡᠬᠦᠬᠦ ᠶᠣᠰᠣᠯᠠᠯ ᠳᠤ᠂ ᠬᠤᠸᠠᠩ ᡁᠢ ᠭᠠᠩ ᠪᠠᠭᠰᠢ ᠪᠣᠯᠣᠨ ᠬᠤᠷᠢᠶᠠᠨ ᠤ ᠭᠤᠤᠯ ᠬᠠᠷᠢᠭᠤᠴᠠᠯᠭᠠᠳᠠᠨ ᠬᠠᠮᠲᠤ ᠪᠠᠷ ᠪᠥᠬᠦ ᠤᠯᠤᠰ ᠤᠨ ᠨᠠᠷᠠᠲᠤ ᠠᠬᠠᠮᠠᠳ ᠮᠣᠩᠭᠤᠯ ᠡᠮᠴᠢ ᠬᠤᠸᠠᠩ ᡁᠢ ᠭᠠᠩ ᠤᠨ ᠠᠵᠢᠯ ᠤᠨ ᠥᠷᠦᠭᠡ ᠶᠢᠨ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠠᠬᠢ ᠠᠵᠢᠯᠯᠠᠬᠤ ᠥᠷᠲᠡᠭᠡᠨ ᠤ ᠫᠠᠶᠢᠰᠠ ᠶᠢ ᠰᠡᠬᠦᠪᠡ᠃    ᠶᠤᠰᠤᠯᠠᠯ ᠳᠤ ᠪᠠᠰᠠ ᠪᠠᠭᠰᠢ ᠪᠠᠷᠢᠬᠤ ᠶᠣᠰᠣᠯᠠᠯ ᠶᠠᠪᠤᠭᠳᠠᠭᠤᠯᠵᠣ᠂ ᠵᠠᠯᠭᠠᠮᠵᠢᠯᠠᠭᠴᠢ ᠠᠴᠠ ᠬᠤᠸᠠᠩ ᡁᠢ ᠭᠠᠩ ᠪᠠᠭᠰᠢ ᠳᠤ ᠪᠠᠨ ᠬᠠᠳᠠᠭ ᠡᠷᠭᠦᠨ᠂ ᠬᠤᠸᠠᠩ ᡁᠢ ᠭᠠᠩ ᠫᠷᠣᠹᠧᠰᠰᠣᠷ ᠱᠠᠪᠢ ᠨᠠᠷ ᠲᠤ ᠪᠠᠨ ᠨᠣᠮ ᠪᠡᠯᠭᠡᠯᠡᠪᠡ᠃ ᠬᠤᠸᠠᠩ ᡁᠢ ᠭᠠᠩ ᠪᠠᠭᠰᠢ ᠪᠣᠯᠣᠨ ᠵᠠᠯᠭᠠᠮᠵᠢᠯᠠᠭᠴᠢ ᠠᠴᠠ ᠮᠣᠩᠭᠤᠯ ᠡᠮᠴᠢ ᠶᠢᠨ ᠪᠠᠭᠰᠢ ᠶᠢ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠵᠢᠴᠢ ᠮᠣᠩᠭᠤᠯ ᠡᠮ ᠡᠮᠨᠡᠯᠭᠡ ᠶᠢᠨ ᠦᠢᠯᠡᠰ ᠢ ᠦᠶ᠎ᠡ ᠶᠢᠨ ᠦᠶ᠎ᠡ ᠳᠤ ᠤᠯᠠᠮᠵᠢᠯᠠᠵᠤ ᠂ ᠬᠥᠭᠵᠢᠭᠦᠯᠦᠨ ᠪᠠᠳᠠᠷᠠᠭᠤᠯᠬᠤ ᠬᠦᠰᠡᠯ ᠡᠷᠡᠮᠡᠯᠵᠡᠯ ᠢᠶᠠᠨ ᠬᠠᠮᠲᠤ ᠪᠠᠷ ᠢᠯᠡᠳᠬᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号