ᠪᠠᠷᠠᠭᠤᠨ ᠦᠵᠦᠮᠦᠴᠢᠨ ᠬᠤᠰᠢᠭᠤ ᠠᠵᠢᠯ ᠠᠴᠠ ᠪᠠᠨ ᠪᠠᠭᠤᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ | ᠺᠠᠳ᠋ᠷᠴᠤᠳ ᠤᠨ ᠰᠤᠷᠤᠯᠴᠠᠯᠭ᠎ᠠ ᠵᠢᠴᠢ ︽ᠤᠯᠠᠮᠵᠢᠯᠠᠯ᠂ ᠰᠡᠷᠭᠦᠨ ᠮᠠᠨᠳᠤᠯᠲᠠ ᠶᠢᠨ ᠲᠤᠬᠠᠢ ᠶᠠᠷᠢᠵᠤ᠂ ᠬᠦᠴᠦᠨ | ᠴᠢᠳᠠᠯ ᠢᠶᠠᠨ ᠨᠢᠭᠲᠠᠷᠠᠭᠤᠯᠤᠶ᠎ᠠ︾ ᠭᠡᠬᠦ ᠭᠤᠣᠯ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ | ᠥᠷᠨᠢᠭᠦᠯᠪᠡ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ | ᠲᠤᠰᠠᠳᠠ᠂ ᠦᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤ ᠠᠵᠢᠯ ᠠᠴᠠ ᠪᠠᠨ ᠪᠠᠭᠤᠭᠰᠠᠨ ᠪᠠ ᠠᠵᠢᠯ | ᠠᠴᠠ ᠪᠠᠨ ᠠᠮᠠᠷᠠᠭᠰᠠᠨ 20 ᠭᠠᠷᠤᠢ ᠠᠬᠠᠮᠠᠳ ᠺᠠᠳ᠋ᠷᠴᠤᠳ ᠢ ᠵᠣᠬᠢᠶᠠᠨ ᠪᠠᠶᠢᠭᠤᠯᠵᠤ ᠤᠯᠠᠭᠠᠡᠬᠠᠭᠠᠯᠭ᠎ᠠ ᠰᠣᠮᠣᠨ ᠳᠤ | ᠬᠦᠷᠴᠦ᠂ ᠰᠤᠷᠤᠯᠴᠠᠯᠭ᠎ᠠ ᠵᠢᠴᠢ ︽ᠤᠯᠠᠮᠵᠢᠯᠠᠯ᠂ ᠰᠡᠷᠭᠦᠨ ᠮᠠᠨᠳᠤᠯᠲᠠ ᠶᠢᠨ ᠲᠤᠬᠠᠢ ᠶᠠᠷᠢᠵᠤ᠂ ᠬᠦᠴᠦᠨ ᠴᠢᠳᠠᠯ | ᠢᠶᠠᠨ ᠨᠢᠭᠲᠠᠷᠠᠭᠤᠯᠤᠶ᠎ᠠ︾ ᠭᠡᠬᠦ ᠭᠤᠣᠯ ᠰᠡᠳᠦᠪᠲᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠦᠨ᠂ ᠠᠵᠢᠯ | ᠠᠴᠠ ᠪᠠᠨ ᠪᠠᠭᠤᠭᠰᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠦᠢᠯᠡᠳᠦᠯ ᠢᠶᠠᠨ | ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠶᠡᠭᠡ ᠲᠠᠯ᠎ᠠ ᠶᠢᠨ ᠭᠤᠣᠯᠳᠠᠯᠭ᠎ᠠ ᠲᠠᠢ ᠠᠵᠢᠯ ᠲᠠᠢ ᠠᠵᠢᠯ ᠤᠨ | ᠲᠣᠭᠤᠷᠢᠨ ᠳᠤ ᠬᠠᠮᠲᠤ ᠳᠠᠭᠠᠨ ᠴᠢᠷᠮᠠᠶᠢᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠥᠲᠡᠯᠦᠭᠡ ᠨᠠᠰᠤᠨ ᠤ ᠬᠦᠴᠦᠨ ᠴᠢᠳᠠᠯ ᠢᠶᠠᠨ ᠢᠳᠡᠪᠬᠢᠲᠡᠢ ᠨᠡᠮᠡᠷᠢᠯᠡᠬᠦ ᠶᠢ ᠬᠥᠲᠥᠯᠥᠨ | ᠵᠢᠯᠣᠭᠤᠳᠴᠠᠢ᠃ | ᠰᠤᠷᠤᠯᠴᠠᠯᠭ᠎ᠠ ᠶᠢᠨ ᠲᠠᠩᠬᠢᠮ ᠤᠨ ᠠᠭᠤᠷ ᠠᠮᠢᠰᠬᠤᠯ ᠢᠳᠡᠪᠬᠢᠲᠡᠢ | ᠰᠤᠷᠤᠯᠴᠠᠯᠭ᠎ᠠ ᠳᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ | ᠭᠡᠭᠡᠨᠲᠤᠶᠠᠭ᠎ᠠ ᠨᠥᠬᠦᠷ ᠢ ᠤᠷᠢᠵᠤ᠂ ︽ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ︿ᠵᠢᠱᠢᠶᠡᠴᠢ ᠥᠪᠡᠷᠲᠡᠭᠡᠨ | ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ︾ ᠭᠡᠬᠦ ᠭᠤᠣᠯ ᠰᠡᠳᠦᠪ | ᠢᠶᠠᠷ ᠲᠠᠶᠢᠯᠤᠮᠵᠢ ᠬᠢᠯᠭᠡᠵᠡᠢ᠃ ᠬᠤᠰᠢᠭᠤ ᠠᠯᠲᠠᠨ ᠬᠠᠶᠢᠷᠠᠭᠤᠴᠠᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠭᠡᠰᠢᠭᠦᠨ᠂ ᠤᠯᠠᠭᠠᠡᠬᠠᠭᠠᠯᠭ᠎ᠠ ᠰᠣᠮᠣᠨ ᠤ ᠤᠬᠠᠭᠤᠯᠬᠤ ᠭᠡᠰᠢᠭᠦᠨ ᠴᠣᠯᠮᠣᠨ ᠨᠥᠬᠦᠷ ᠠᠴᠠ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠯᠲᠠ ᠬᠢᠵᠡᠢ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ᠠᠴᠠ ᠳᠠᠷᠠᠭ᠎ᠠ ᠨᠢᠭᠡ ᠪᠦᠯᠦᠭ ᠭᠤᠣᠯ ᠰᠡᠳᠦᠪᠲᠦ ᠬᠥᠮᠦᠵᠢᠯ ᠢ ᠬᠡᠷᠬᠢᠨ | ᠰᠠᠶᠢᠲᠤᠷ ᠥᠷᠨᠢᠭᠦᠯᠬᠦ ᠲᠤᠬᠠᠢ ᠠᠬᠠᠮᠠᠳ ᠺᠠᠳ᠋ᠷᠴᠤᠳ ᠠᠴᠠ ᠰᠠᠨᠠᠯ ᠰᠠᠨᠠᠭᠤᠯᠭ᠎ᠠ ᠬᠤᠷᠢᠶᠠᠵᠤ᠂ ︽ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠲᠤᠰᠬᠠᠢ ᠰᠡᠳᠦᠪᠲᠦ ᠲᠣᠪᠴᠢᠯᠠᠯ︾ ᠵᠡᠷᠭᠡ 8 ᠳᠡᠪᠲᠡᠷ ᠨᠣᠮ ᠢ ᠲᠠᠷᠬᠠᠭᠠᠵᠤ᠂ ᠠᠬᠠᠮᠠᠳ ᠺᠠᠳ᠋ᠷᠴᠤᠳ ᠤᠨ ᠳᠠᠷᠠᠭ᠎ᠠ | ᠨᠢᠭᠡ ᠪᠦᠯᠦᠭ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ | ᠥᠭᠭᠦᠭᠰᠡᠨ ᠪᠠᠶᠢᠨ᠎ᠠ᠃ | ᠲᠣᠭᠤᠷᠢᠨ ᠰᠤᠷᠤᠯᠴᠠᠵᠤ ᠪᠠᠶᠢᠴᠠᠭᠠᠨ ᠰᠤᠳᠤᠯᠤᠭᠰᠠᠨ ᠣᠯᠣᠯᠲᠠ | ᠪᠠᠶᠢᠴᠠᠭᠠᠨ ᠰᠤᠳᠤᠯᠬᠤ ᠳᠤᠭᠤᠶᠢᠯᠠᠩ ᠨᠢ ᠤᠷᠢᠳ ᠬᠤᠵᠢᠳ ᠤᠯᠠᠭᠠᠡᠬᠠᠭᠠᠯᠭ᠎ᠠ ᠰᠣᠮᠣᠨ ᠤ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠵᠢᠴᠢ 99 ᠨᠣᠮᠧᠷᠲᠤ ᠦᠷᠳᠡᠭᠡ ᠪᠠᠷ ᠲᠣᠭᠤᠷᠢᠨ ᠦᠵᠡᠪᠡ᠃ ᠠᠬᠠᠮᠠᠳ | ᠺᠠᠳ᠋ᠷᠴᠤᠳ ᠲᠣᠭᠤᠷᠢᠨ ᠦᠵᠡᠵᠦ ᠲᠠᠶᠢᠯᠪᠤᠷᠢᠯᠠᠯᠲᠠ ᠶᠢ ᠰᠣᠨᠣᠰᠬᠤ ᠶᠢᠨ ᠬᠠᠮᠲᠤ ᠶᠠᠷᠢᠯᠴᠠᠵᠤ᠂ ︽ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠢ ᠥᠷᠨᠢᠭᠦᠯᠦᠭᠰᠡᠨ ᠪᠠᠶᠢᠳᠠᠯ᠂ ᠨᠠᠮ ᠤᠨ ᠪᠠᠶᠢᠭᠤᠯᠤᠯᠲᠠ | ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠵᠢᠴᠢ ︽ᠬᠤᠶᠠᠷ ᠢ | ᠬᠦᠮᠦᠵᠢᠭᠦᠯᠬᠦ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠡᠭᠦᠨ ᠤ ᠬᠠᠮᠲᠤ | 99 ᠨᠣᠮᠧᠷᠲᠤ ᠥᠷᠲᠡᠭᠡᠨ ᠳᠤ᠂ ᠵᠡᠭᠦᠨ ᠬᠤᠯᠪᠣᠭᠠᠲᠤ ᠬᠤᠰᠢᠭᠤᠨ ᠤ ᠬᠠᠭᠤᠴᠢᠨ ᠪᠠᠭᠤᠷᠢ᠂ ᠬᠤᠪᠢᠰᠬᠠᠯ ᠤᠨ | ᠦᠵᠡᠭᠦᠯᠦᠯᠭᠡ ᠶᠢᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠣᠷᠳᠣᠨ᠂ | ᠮᠣᠩᠭᠤᠯ ᠡᠮᠨᠡᠯᠭᠡ ᠵᠢᠴᠢ ᠠᠮᠢ ᠠᠬᠤᠢ ᠶᠢᠨ ᠬᠥᠮᠦᠵᠢᠯ ᠤᠨ ᠦᠵᠡᠭᠦᠯᠦᠯᠭᠡ ᠶᠢᠨ ᠣᠷᠳᠣᠨ ᠵᠡᠷᠭᠡ 3 ᠦᠵᠡᠭᠦᠯᠦᠯᠭᠡ | ᠶᠢᠨ ᠲᠠᠩᠬᠢᠮ ᠢ ᠲᠣᠭᠤᠷᠢᠨ ᠦᠵᠡᠵᠦ᠂ ᠺᠢᠨᠣ᠋ ᠦᠵᠡᠬᠦ᠂ ᠦᠯᠢᠭᠡᠷ ᠰᠣᠨᠣᠰᠬᠤ ᠵᠡᠷᠭᠡ ᠤᠯᠠᠨ ᠵᠦᠢᠯ ᠤᠨ | ᠬᠡᠯᠪᠡᠷᠢ ᠪᠠᠷ ᠨᠢᠭᠡ ᠤᠳᠠᠭᠠᠨ ᠤ ᠬᠤᠪᠢᠰᠬᠠᠯᠲᠤ ᠬᠦᠮᠦᠵᠢᠯ ᠳᠤ ᠣᠷᠣᠯᠴᠠᠨ᠂ ᠨᠠᠮ ᠤᠨ ᠦᠭᠡ ᠶᠢ ᠰᠣᠨᠣᠰᠴᠤᠤ᠂ | ᠨᠠᠮ ᠤᠨ ᠠᠴᠢ ᠶᠢ ᠮᠡᠳᠡᠷᠡᠨ᠂ ᠡᠭᠦᠷᠢᠳᠡ ᠨᠠᠮ ᠢᠶᠠᠨ ᠲᠠᠭᠠᠬᠤ ᠢᠲᠡᠭᠡᠯ ᠵᠣᠷᠢᠭ ᠢᠶᠠᠨ ᠤᠯᠠᠮ ᠪᠠᠲᠤᠳᠬᠠᠪᠠ᠃ | ᠶᠠᠷᠢᠯᠴᠠᠨ ᠰᠣᠯᠢᠯᠴᠠᠵᠤ ᠵᠥᠪ ᠡᠨᠧᠷᠭᠢ ᠬᠤᠪᠢᠶᠠᠯᠴᠠᠪᠠ | ᠤᠯᠠᠭᠠᠡᠬᠠᠭᠠᠯᠭ᠎ᠠ ᠰᠤᠮᠤᠨ ᠤ ︽ᠠᠨᠠᠷ ᠤᠨ ᠦᠷ᠎ᠡ︾ ᠬᠢᠴᠢᠶᠡᠯ ᠤᠨ ᠲᠠᠩᠬᠢᠮ ᠳᠤ᠂ ᠠᠬᠠᠮᠠᠳ ᠺᠠᠳ᠋ᠷᠴᠤᠳ ︽ | ᠤᠯᠠᠮᠵᠢᠯᠠᠯ᠂ ᠰᠡᠷᠭᠦᠨ ᠮᠠᠨᠳᠤᠯᠲᠠ ᠶᠢᠨ ᠲᠤᠬᠠᠢ ᠶᠠᠷᠢᠵᠤ᠂ ᠬᠦᠴᠦᠨ ᠴᠢᠳᠠᠯ ᠢᠶᠠᠨ ᠨᠢᠭᠲᠠᠷᠠᠭᠤᠯᠤᠶ᠎ᠠ︾ ᠭᠡᠬᠦ ᠭᠤᠣᠯ | ᠰᠡᠳᠦᠪ ᠤᠨ ᠲᠣᠭᠤᠷᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠣᠶᠢᠷ᠎ᠠ ᠶᠢᠨ ᠵᠢᠯ ᠤᠨ ᠠᠵᠤ ᠠᠬᠤᠢ | ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠯᠤᠲᠤ ᠶᠡᠭᠡ ᠬᠤᠪᠢᠷᠠᠯᠲᠠ ᠶᠢᠨ ᠲᠤᠬᠠᠢ | ᠡᠷᠭᠢᠴᠡᠭᠦᠯᠵᠦ᠂ ᠬᠤᠪᠢᠷᠠᠯᠲᠠ᠂ ᠬᠥᠭᠵᠢᠯᠲᠡ ᠶᠢᠨ ᠲᠤᠬᠠᠢ ᠶᠠᠷᠢᠵᠤ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ | ᠪᠤᠰᠤ ᠬᠠᠷᠠᠭᠠᠰᠤ᠂ ᠠᠳᠠᠯᠢ ᠪᠤᠰᠤ ᠲᠠᠰ ᠳᠠᠪᠬᠤᠷᠭ᠎ᠠ ᠠᠴᠠ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠤᠬᠠᠢ ᠠᠷᠭ᠎ᠠ ᠪᠣᠳᠣᠯᠭ᠎ᠠ ᠰᠦᠪᠡᠭᠴᠢᠯᠡᠭᠰᠡᠨ ᠪᠠᠶᠢᠨ᠎ᠠ᠃ ᠠᠬᠠᠮᠠᠳ ᠺᠠᠳ᠋ᠷᠴᠤᠳ | ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠪᠠᠷ | ᠳᠠᠮᠵᠢᠨ ᠮᠠᠰᠢ ᠶᠡᠭᠡ ᠰᠡᠩᠬᠡᠷᠡᠭᠦᠯᠦᠯ᠂ ᠵᠣᠷᠢᠭᠵᠢᠭᠤᠯᠤᠯ ᠬᠦᠷᠲᠡᠵᠡᠢ᠃ ᠬᠤᠶᠢᠰᠢᠳᠠ ᠵᠣᠯ ᠵᠢᠷᠭᠠᠯᠲᠤ ᠠᠮᠢᠳᠤᠷᠠᠯ | ᠢᠶᠠᠨ ᠨᠡᠩ ᠨᠠᠨᠳᠢᠩᠨᠠᠵᠤ᠂ ᠤᠬᠠᠮᠰᠠᠷ ᠠᠴᠠ ᠪᠠᠨ ᠭᠤᠣᠯ ᠰᠡᠳᠦᠪᠲᠦ ᠬᠥᠮᠦᠵᠢᠯ ᠳᠤ ᠣᠷᠣᠯᠴᠠᠵᠤ᠂ ᠤᠯᠤᠰ | ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ ᠪᠣᠯᠣᠨ ᠨᠡᠷ᠎ᠡ ᠬᠦᠨᠳᠦ ᠶᠢᠨ ᠳᠠᠪᠠᠭᠤᠯᠢᠭ ᠢᠶᠠᠨ | ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠵᠢᠯ ᠠᠴᠠ ᠪᠠᠨ ᠠᠮᠠᠷᠠᠭᠰᠠᠨ ᠴᠤ ᠵᠣᠷᠢᠯᠲᠠ | ᠬᠤᠪᠢᠷᠠᠬᠤ ᠦᠭᠡᠢ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ᠴᠤ ᠨᠠᠮ ᠠᠴᠠ ᠪᠠᠨ ᠰᠠᠯᠬᠤ ᠦᠭᠡᠢ︾ ᠭᠡᠬᠦ | ᠥᠲᠡᠯᠦᠭᠡ ᠨᠠᠰᠤᠨ ᠤ ᠮᠥᠨ ᠴᠢᠨᠠᠷ ᠢ ᠦᠢᠯᠡᠳᠦᠯᠭᠡᠵᠢᠭᠦᠯᠦᠨ᠎ᠡ ᠭᠡᠵᠠᠢ᠃ |