ᠪᠠᠷᠠᠭᠤᠨ ᠦᠵᠦᠮᠦᠴᠢᠨ ᠬᠤᠰᠢᠭᠤ 2023 ᠣᠨ ᠤ ᠪᠠᠯᠭᠠᠷᠭᠤᠤᠯ ᠪᠠᠯᠭᠠᠰᠤᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠪᠣᠯᠤᠨ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠪᠠ | | | ᠪᠠᠷᠠᠭᠤᠨ ᠦᠵᠦᠮᠦᠴᠢᠨ ᠬᠤᠰᠢᠭᠤ 2023 ᠣᠨ ᠤ ᠪᠠᠯᠭᠠᠷᠭᠤᠤᠯ ᠪᠠᠯᠭᠠᠰᠤᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠪᠣᠯᠤᠨ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠤᠷᠠᠯᠳᠤᠪᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠡᠷᠭᠢᠯᠠᠨ | ᠶᠠᠷᠢᠶ᠎ᠠ ᠲᠠᠯᠪᠢᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠡᠳ᠋ ᠡᠷᠭᠢᠯᠡᠭᠴᠢ ᠲᠠᠢ ᠫᠢᠩ᠂ ᠬᠤᠰᠢᠭᠤ ᠲᠡᠳ᠋ ᠳᠠᠷᠤᠭ᠎ᠠ ᠵᠣᠤ ᠬᠦᠸᠧ ᠳ᠋ᠦᠩ᠂ ᠤᠯᠤᠰ ᠳᠦᠷᠤ ᠶᠢᠨ ᠵᠦᠪᠯᠡᠯᠭᠡᠨ | ᠤ ᠲᠡᠳ᠋ ᠲᠡᠷᠢᠭᠦᠯᠡᠭᠴᠢ ᠰᠠᠷᠠᠨᠲᠤᠶᠠᠭ᠎ᠠ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠳ ᠨᠢ ᠤᠷᠢᠳ ᠬᠤᠵᠢᠳ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ | ᠲᠣᠭᠤᠷᠢᠭ ᠤᠨ ᠵᠠᠮ᠂ ᠴᠠᠶᠢᠳᠠᠮ ᠵᠠᠮ ︵ᠬᠤᠷᠠᠯ ᠦᠵᠡᠰᠬᠦᠯᠡᠩ ᠤᠨ ᠲᠥᠪ ᠤᠨ ᠬᠡᠰᠡᠭ︶ ᠤᠨ ᠰᠢᠨ᠎ᠡ ᠪᠠᠷ ᠵᠠᠰᠠᠵᠦ | ᠪᠠᠶᠢᠭ᠎ᠠ ᠵᠠᠮ ᠢ ᠲᠣᠭᠤᠷᠢᠨ ᠦᠵᠡᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ | ᠣᠶᠢᠯᠠᠭᠠᠪᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ ᠡᠷᠭᠢᠨ ᠲᠣᠭᠤᠷᠢᠨ ᠪᠠ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠤᠶᠢᠲᠤ ᠬᠡᠰᠡᠭ ᠤᠨ ᠨᠤᠷᠠᠭᠠᠵᠤ ᠨᠡᠭᠦᠯᠭᠡᠬᠦ ᠲᠣᠭᠤᠷᠢᠭ ᠵᠡᠷᠭᠡ | ᠭᠠᠵᠠᠷ ᠢᠶᠠᠷ ᠨᠤᠷᠠᠭᠠᠵᠤ ᠨᠡᠭᠦᠯᠭᠡᠭᠰᠡᠨ ᠪᠠᠶᠢᠳᠠᠯ ᠢ ᠤᠶᠢᠯᠭᠠᠵᠦ᠂ ᠹᠦ᠋ ᠯᠢᠨ ᠶᠠ ᠵᠢᠤᠢ᠂ ᠴᠤᠭᠯᠠᠭᠠᠨ᠂ ᠲᠢᠶᠠᠨ | ᠵᠢᠶᠤᠤ ᠬᠤᠸ᠋ ᠲᠢᠩ ᠰᠠᠭᠤᠭᠠᠯᠢ ᠲᠤᠭᠤᠷᠢᠭ᠂ ᠮᠠᠨᠳᠤᠬᠠᠶ᠂ ᠶᠠ ᠽᠦᠨ ᠶᠤᠸᠠᠨ ᠵᠡᠷᠭᠡ ᠰᠠᠭᠤᠭᠠᠯᠢ ᠲᠤᠭᠤᠷᠢᠭ ᠢᠶᠠᠷ | ᠲᠣᠭᠤᠷᠢᠨ ᠦᠵᠡᠵᠦ᠂ ᠡᠯ᠎ᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠠ ᠠᠳᠠᠯ ᠠᠬᠤᠶ | ᠵᠡᠷᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ | ᠰᠠᠭᠤᠳᠠᠯ ᠤᠨ ᠬᠤᠷᠠᠯ ᠳᠡᠭᠡᠷ᠎ᠡ᠂ ᠰᠠᠭᠤᠭᠠᠯᠢ ᠲᠤᠭᠤᠷᠢᠭ ᠤᠨ ᠨᠡᠭᠡᠭᠡᠨ ᠭᠦᠭᠵᠢᠭᠦᠯᠬᠦ ᠠᠵᠤ ᠠᠬᠤᠶᠢᠯᠠᠯ ᠨᠢ | ᠶᠡᠷᠦᠩᠬᠡᠶ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠰᠢᠭᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠭᠤᠯᠤᠯᠲᠠ ᠶᠢᠨ | ᠪᠠᠶᠢᠳᠠᠯ᠂ ᠡᠯ᠎ᠡ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ | ᠢ ᠮᠡᠳᠡᠭᠳᠡᠵᠦ᠂ ᠡᠯ᠎ᠡ ᠰᠠᠭᠤᠭᠠᠯᠢ ᠲᠣᠭᠤᠷᠢᠭ᠂ ᠡᠯ᠎ᠡ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠶᠯ ᠳᠤ ᠠᠵᠢᠯ ᠤᠨ ᠱᠠᠭᠠᠷᠳᠠᠯᠭ᠎ᠠ ᠳᠤᠷᠠᠳᠴᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ | ᠠᠵᠢᠯ ᠳᠠᠭᠤᠰᠬᠠᠬᠤ ᠴᠠᠭ ᠤᠨ ᠬᠢᠵᠠᠭᠠᠷ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠬᠤᠷᠠᠯ ᠳᠤ | ᠣᠷᠣᠯᠴᠠᠭᠰᠠᠨ ᠰᠠᠯᠠᠭ᠎ᠠ ᠮᠥᠴᠢᠷ ᠠᠵᠢᠯ ᠲᠥᠷᠥᠯ ᠤᠨ ᠬᠦᠷᠢᠶᠡᠨ ᠠᠴᠠ ᠡᠯ᠎ᠡ ᠬᠤᠷᠢᠶᠠᠯᠠᠯ᠂ ᠡᠯ᠎ᠡ ᠣᠷᠣᠨ | ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠠᠵᠢᠯ ᠤᠨ ᠱᠠᠭᠠᠷᠳᠠᠯᠭ᠎ᠠ ᠳᠤᠷᠠᠳᠪᠠ᠃ | ᠶᠣᠣ ᠬᠤᠩ ᠭᠠᠩ ᠵᠢᠭᠠᠬᠠᠤ ᠳᠠᠭᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ | ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ | ᠴᠢᠩᠭᠠᠳᠬᠠᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠪᠦᠬᠦᠯᠢ ᠴᠣᠭᠴᠠ ᠶᠢᠨ | ᠳᠦᠷᠢ ᠲᠥᠷᠬᠦ ᠪᠣᠯᠤᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠤᠲᠠ ᠪᠠᠯᠭᠠᠰᠤᠨ ᠤ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠨᠢ ᠴᠠᠭ ᠢᠮᠠᠭᠲᠠ ᠭᠠᠵᠠᠷ ᠪᠣᠯᠭᠠᠨ ᠳᠤ ᠠᠷᠠᠳ ᠤᠯᠠᠨ ᠤ | ᠬᠡᠷᠡᠭᠴᠡᠭᠡ ᠪᠠᠷ ᠡᠭᠦᠰᠪᠦᠷᠢ ᠪᠣᠯᠭᠠᠵᠤ᠂ ᠲᠡᠷᠢᠭᠦᠨ ᠤ ᠬᠢ ᠶᠢ ᠪᠠᠷᠢᠮᠵᠢᠶᠠᠯᠠᠨ ᠵᠥᠷᠢᠶ᠎ᠡ ᠶᠢ ᠡᠷᠢᠵᠦ᠂ ᠬᠤᠲᠠ | ᠪᠠᠯᠭᠠᠰᠤᠨ ᠤ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠲᠤᠳᠠᠭᠳᠠᠯ ᠢ ᠨᠥᠬᠦᠪᠥᠷᠢᠯᠡᠵᠦ᠂ ᠬᠤᠲᠠ ᠪᠠᠯᠭᠠᠰᠤᠨ ᠤ | ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠠᠢ᠃ | ᠶᠣᠣ ᠬᠤᠩ ᠭᠠᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠨ ᠬᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠂ ᠵᠠᠮ ᠤᠨ ᠪᠥᠲᠥᠭᠡᠨ ᠪᠠᠶᠢᠭᠤᠯᠤᠯᠲᠠ᠂ ᠵᠢᠵᠢᠭ ᠲᠣᠭᠤᠷᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠵᠡᠷᠭᠡ | ᠭᠤᠤᠯᠳᠠᠯᠭ᠎ᠠ ᠲᠠᠢ ᠠᠵᠢᠯ ᠤᠨ ᠥᠷᠨᠢᠯᠲᠡ ᠶᠢ ᠲᠦᠷᠭᠡᠳᠬᠡᠨ ᠠᠬᠢᠭᠤᠯᠵᠦ᠂ ᠠᠵᠢᠯ ᠤᠨ ᠡᠷᠴᠢᠮ ᠢᠶᠠᠨ | ᠴᠢᠩᠭᠠᠳᠬᠠᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ | ᠪᠦᠲᠦᠮᠵᠢᠲᠡᠶ ᠪᠠᠷ ᠠᠬᠢᠭᠤᠯᠬᠤ ᠬᠡᠷᠡᠭᠲᠡᠶ︔ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠡᠭᠦᠷᠭᠡ | ᠴᠢᠳᠠᠪᠤᠷᠢ ᠶᠢ ᠨᠠᠷᠢᠨ ᠬᠤᠪᠢᠶᠠᠵᠤ᠂ ᠬᠠᠮᠳᠤᠷᠠᠯᠴᠠᠭ᠎ᠠ ᠪᠠᠨ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠵᠡᠷᠭᠡᠪᠡᠷ ᠠᠬᠢᠭᠤᠯᠵᠤ᠂ ᠬᠤᠲᠠ ᠪᠠᠯᠭᠠᠰᠤᠨ ᠤ | ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ | ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠠᠢ᠃ | ᠬᠤᠷᠠᠯ ᠳᠤ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠨ ᠡᠯ᠎ᠡ ᠬᠤᠷᠢᠶᠠᠯᠠᠯ ᠂ ᠡᠯ᠎ᠡ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠵᠡᠷᠭᠡ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | |