ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠠᠵᠢᠯ ᠤᠨ ᠪᠠᠶᠢᠷᠢ ᠳᠠᠭᠠᠨ ᠭᠠᠪᠰᠢᠭᠠᠶᠢᠯᠠᠵᠤ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠮᠦᠷᠦᠶᠢᠴᠡᠬᠦ︾ ︽ᠮᠦᠷᠦᠶᠢᠴᠡᠭᠡᠨ ᠤ ᠣᠳᠤᠨ︾ ᠰᠢᠯᠭᠠᠷᠠᠭᠤᠯᠬᠤ ᠮᠡᠳᠡᠯᠭᠡ ᠶᠢᠨ ᠣᠷᠣᠯᠳᠣᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/9/12
  ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠠᠵᠢᠯ ᠤᠨ ᠪᠠᠶᠢᠷᠢ ᠳᠠᠭᠠᠨ ᠭᠠᠪᠰᠢᠭᠠᠶᠢᠯᠠᠵᠤ  ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠮᠦᠷᠦᠶᠢᠴᠡᠬᠦ︾ ︽ᠮᠦᠷᠦᠶᠢᠴᠡᠭᠡᠨ ᠤ ᠣᠳᠤᠨ︾ ᠰᠢᠯᠭᠠᠷᠠᠭᠤᠯᠬᠤ ᠮᠡᠳᠡᠯᠭᠡ ᠶᠢᠨ ᠣᠷᠣᠯᠳᠣᠭᠠᠨ ᠶᠠᠪᠤᠭᠳᠠᠪᠠ                                                                                                    9 ᠰᠠᠷ᠎ᠠ ᠶᠢᠨ 6 ᠤ ᠡᠳᠦᠷ᠂ ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠠᠵᠢᠯ ᠤᠨ ᠪᠠᠶᠢᠷᠢ ᠳᠠᠭᠠᠨ ᠭᠠᠪᠰᠢᠭᠠᠶᠢᠯᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠮᠦᠷᠦᠶᠢᠴᠡᠬᠦ︾᠂ ︽ᠮᠦᠷᠦᠶᠢᠴᠡᠭᠡᠨ ᠤ ᠣᠳᠤᠨ︾ ᠰᠢᠯᠭᠠᠷᠠᠭᠤᠯᠬᠤ ᠮᠡᠳᠡᠯᠭᠡ ᠶᠢᠨ ᠣᠷᠣᠯᠳᠣᠭᠠᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠸᠧᠢ ᠭᠦᠸᠧ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ 93 ᠭᠠᠴᠠᠭᠠᠨ ᠤ ᠨᠠᠮ ᠤᠨ ᠡᠭᠦᠷ ᠤᠨ ᠱᠦᠵᠢ ᠪᠠ ︽ᠨᠢᠭᠡᠳᠦᠭᠡᠷ ᠱᠦᠵᠢ︾᠂ 7 ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠭᠡᠰᠢᠭᠦᠨ ᠪᠠ ᠰᠠᠭᠤᠭᠠᠯᠢ ᠠᠷᠠᠳ ᠤᠨ ᠲᠥᠯᠥᠭᠡᠯᠡᠭᠴᠢ ᠤᠷᠤᠯᠳᠤᠭᠠᠨ ᠢ ᠰᠣᠨᠢᠷᠬᠠᠪᠠ᠃    ᠲᠤᠰ ᠣᠳᠠᠭᠠᠨ ᠤ ᠮᠡᠳᠡᠯᠭᠡ ᠶᠢᠨ ᠤᠷᠤᠯᠳᠤᠭᠠᠨ ᠢ ᠮᠠᠯᠵᠢᠬᠤ ᠣᠷᠣᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠪᠠᠯᠭᠠᠰᠣᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠭᠡᠵᠦ ᠬᠤᠶᠠᠷ ᠳᠤᠭᠤᠶᠢᠯᠠᠩ ᠬᠤᠪᠢᠶᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ︽ᠪᠠᠷᠢᠮᠵᠢᠶ᠎ᠠ ᠪᠠᠷ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠭᠤᠯᠵᠠᠢ᠃  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠯᠭᠠᠷᠠᠭᠤᠯᠬᠤ ᠺᠣᠮᠢᠰ ᠤᠨ  ᠬᠢᠨᠠᠭᠴᠢ ᠶᠢᠨ ᠲᠤᠰᠢᠶᠠᠯ ᠢ ᠡᠭᠦᠷᠭᠡᠯᠡᠪᠡ᠃   ᠤᠷᠤᠯᠳᠤᠭᠠᠨ ᠳᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠠᠩᠬᠠᠨ ᠤ ᠤᠷᠤᠯᠳᠤᠭᠠᠨ ᠳᠤ ᠣᠷᠣᠯᠴᠠᠭᠰᠠᠨ 12 ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠠ 7 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠳ ᠢᠳᠡᠪᠬᠢᠲᠡᠢ ᠣᠷᠣᠯᠴᠠᠵᠤ᠂ ᠪᠦᠯᠬᠦᠮᠳᠡᠨ ᠬᠠᠮᠵᠢᠯᠴᠠᠵᠤ  ᠂ ᠠᠵᠢᠯ ᠤᠨ  ᠴᠢᠳᠠᠪᠤᠷᠢ ᠪᠠᠨ ᠰᠢᠯᠭᠠᠵᠤ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠭᠡᠷ ᠲᠤ 2 ᠨᠡᠷᠡᠰ᠂ ᠬᠤᠶᠠᠳᠤᠭᠠᠷ ᠲᠤ 3 ᠨᠡᠷᠡᠰ᠂ ᠭᠤᠷᠪᠠᠳᠤᠭᠠᠷ ᠲᠤ 4 ᠨᠡᠷᠡᠰ ᠪᠠ ᠰᠤᠮᠤ ᠪᠠᠯᠭᠠᠰᠤᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ 2 ᠨᠡᠷᠡᠰ ᠰᠢᠯᠭᠠᠷᠠᠭᠰᠠᠨ ᠪᠠᠶᠢᠨ᠎ᠠ᠃   ᠲᠣᠰ ᠣᠳᠠᠭᠠᠨ ᠤ ︽ᠮᠦᠷᠦᠶᠢᠴᠡᠭᠡᠨ ᠤ ᠤᠳᠤᠨ︾ ᠰᠢᠯᠭᠠᠷᠠᠭᠤᠯᠬᠤ ᠠᠵᠢᠯᠯᠠᠭ᠎ᠠ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠳᠠᠭᠠᠭᠤᠯᠤᠭᠴᠢ︾ ᠡᠩᠨᠡᠭᠡ ᠶᠢ ᠰᠢᠯᠢᠳᠡᠭᠵᠢᠭᠦᠯᠬᠦ ᠳᠤ ᠰᠠᠭᠤᠷᠢ ᠲᠠᠯᠪᠢᠵᠤ᠂ ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠢᠯᠢᠳᠡᠭ ᠪᠣᠯᠬᠤ ᠪᠠᠷ ᠴᠢᠷᠮᠠᠶᠢᠵᠤ᠂ ᠲᠡᠷᠢᠭᠦᠨ ᠤ ᠬᠢ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号