ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠤᠨ᠎ᠠ | | ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ | ᠨᠢ ᠪᠠᠯᠭᠠᠷᠭᠤᠣᠯ ᠪᠠᠯᠭᠠᠰᠣᠨ ᠤ ᠵᠡᠭᠦᠨ ᠬᠤᠶᠢᠲᠦ ᠬᠡᠰᠡᠭ ᠲᠤ ᠪᠠᠶᠢᠷᠢᠯᠠᠵᠤ᠂ 2009 ᠣᠨ ᠠᠴᠠ ᠡᠬᠢᠯᠡᠨ | ᠪᠠᠶᠢᠭᠤᠯᠵᠤ ᠂ 18 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠪᠠᠯᠭᠠᠷᠭᠤᠣᠯ ᠪᠠᠯᠭᠠᠰᠣᠨ ᠤ | ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠳᠤᠮᠳᠠ ᠵᠡᠷᠭᠡ ᠶᠢᠨ ᠤᠰᠤ ᠶᠢ | ᠡᠭᠡᠭᠦᠯᠦᠨ ᠬᠡᠷᠡᠭᠯᠡᠬᠦ ᠵᠡᠷᠭᠡ ᠠᠵᠢᠯ ᠢ ᠪᠡᠶᠡᠯᠡᠭᠦᠯᠳᠡᠭ᠃ | | ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠨᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠳᠡᠭ ᠮᠦᠷᠲᠡᠭᠡᠨ ᠤᠰᠤᠨ ᠤ ᠣᠷᠴᠢᠨ ᠲᠣᠭᠤᠷᠢᠨ ᠢ | ᠰᠠᠶᠢᠵᠢᠷᠠᠭᠤᠯᠬᠤ ᠨᠢ ᠠᠷᠠᠳ ᠣᠯᠠᠨ ᠤ ᠠᠮᠢᠳᠣᠷᠠᠯ ᠤᠨ ᠬᠢᠷᠢ ᠳᠦᠪᠰᠢᠨ ᠢ ᠳᠡᠭᠡᠭᠰᠢᠯᠡᠭᠦᠯᠬᠦ ᠳᠤ ᠴᠢᠬᠤᠯᠠ | ᠡᠯᠧᠮᠧᠨ᠋ᠲ ᠪᠣᠯᠳᠠᠭ᠃ | ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ᠪᠣᠬᠢᠷ ᠤᠰᠤ ᠶᠢ ᠰᠢᠢᠳᠪᠦᠷᠢᠯᠡᠬᠦ ᠶᠢ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠨ ᠠᠳᠬᠤᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠪᠡ᠃ | | ᠪᠠᠯᠭᠠᠷᠭᠤᠣᠯ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠣᠳᠣᠬᠠᠨ ᠳᠤ ᠭᠤᠣᠯᠳᠠᠭᠤ | CWSBR+AO/O ᠪᠣᠬᠢᠷ ᠤᠰᠤ ᠰᠢᠢᠳᠪᠦᠷᠢᠯᠡᠬᠦ ᠮᠡᠷᠭᠡᠰᠢᠯ ᠢ ᠬᠡᠷᠡᠭᠵᠢᠭᠦᠯᠵᠦ᠂ ᠡᠭᠦᠨ ᠳᠤ᠂ 2009 | ᠣᠨ ᠠᠴᠠ CWSBR ︵ᠲᠣᠭᠲᠠᠮᠠᠯ ᠤᠰᠤᠨ ᠲᠦᠪᠰᠢᠨ ᠤ ᠪᠥᠭᠡᠮ ᠮᠠᠶ᠋ᠢᠭ ᠤᠨ ᠤᠷᠪᠠᠯᠳᠤᠭᠤᠷ︶ ᠤᠨ ᠪᠣᠬᠢᠷ | ᠤᠰᠤ ᠰᠢᠢᠳᠪᠦᠷᠢᠯᠡᠬᠦ ᠮᠡᠷᠭᠡᠰᠢᠯ ᠢ ᠬᠡᠷᠡᠭᠵᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠡᠳᠦᠷ ᠪᠦᠷᠢ 1. | 0 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠪᠠ᠃ 2019 ᠣᠨ ᠳᠤ A²/O ᠪᠣᠬᠢᠷ ᠤᠰᠤ ᠰᠢᠢᠳᠪᠦᠷᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 0.5 ᠲᠦᠮᠡᠨ | ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠤᠰᠤᠨ ᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠶᠡᠷᠦᠩᠬᠡᠢ ᠹᠣᠰᠹᠣᠷ᠂ ᠶᠡᠷᠦᠩᠬᠡᠢ ᠠᠽᠣᠲ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠦᠨᠡᠨ ᠬᠦ ᠪᠠᠲᠤᠯᠠᠪᠠ᠃ | ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢᠨ ᠲᠣᠰᠠᠳᠠ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠨᠢ ᠰᠢᠢᠳᠪᠦᠷᠢᠯᠡᠭᠰᠡᠨ ᠤ ᠳᠠᠷᠠᠭᠠᠬᠢ ᠦᠯᠡᠳᠡᠭᠰᠡᠨ ᠤᠰᠤ ᠪᠠᠨ ᠪᠣᠬᠢᠷ ᠤᠰᠤ ᠶᠢ | ᠲᠠᠬᠢᠨ ᠰᠢᠢᠳᠪᠦᠷᠢᠯᠡᠬᠦ ᠲᠠᠰᠤᠭ ᠲᠤ ᠣᠷᠣᠭᠤᠯᠤᠨ ᠲᠠᠬᠢᠨᠲᠠ ᠰᠢᠢᠳᠪᠦᠷᠢᠯᠡᠵᠦ᠂ ᠪᠣᠶ ᠪᠣᠯᠤᠭᠰᠠᠨ ᠳᠠᠬᠢᠯᠲᠠ ᠤᠰᠤ | ᠶᠢ ᠴᠠᠬᠢᠯᠭᠠᠨ ᠦᠢᠯᠡᠳᠪᠦᠷᠢ᠂ ᠴᠠᠰᠤ ᠭᠤᠯᠭᠤᠯᠲᠠ ᠶᠢᠨ ᠲᠠᠯᠠᠪᠠᠢ ᠶᠢᠨ ᠬᠥᠮᠥᠨ ᠤ ᠬᠦᠴᠦ ᠪᠠᠷ ᠴᠠᠰᠤ ᠬᠢᠬᠦ᠂ | ᠣᠷᠴᠢᠨ ᠲᠤᠭᠤᠷᠢᠨ ᠤ ᠨᠤᠭᠤᠭᠠᠷᠠᠭᠤᠯᠤᠯᠲᠠ ᠵᠡᠷᠭᠡ ᠳᠤ ᠬᠡᠷᠡᠭᠯᠡᠵᠦ᠂ ᠳᠠᠬᠢᠯᠲᠠ ᠤᠰᠤᠨ ᠤ ᠡᠭᠡᠭᠦᠯᠦᠨ ᠠᠰᠢᠭᠯᠠᠬᠤ | ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ᠃ | ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠪᠣᠬᠢᠷ ᠤᠰᠤ ᠶᠢ ᠬᠤᠷᠢᠶᠠᠨ | ᠴᠤᠭᠯᠠᠭᠤᠯᠬᠤ ᠴᠢᠳᠠᠪᠤᠷᠢ ᠶᠢ ᠨᠡᠩ ᠳᠡᠭᠡᠭᠰᠢᠯᠡᠭᠦᠯᠬᠦ ᠡᠭᠦᠳᠡᠨ ᠠᠴᠠ᠂ 2019 ᠣᠨ ᠳᠤ ᠪᠠᠯᠭᠠᠷᠭᠤᠣᠯ ᠪᠠᠯᠭᠠᠰᠣᠨ | ᠤ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠨ | ᠪᠠᠶᠢᠭᠤᠯᠵᠤ᠂ ᠨᠡᠶᠢᠲᠡ 18.16 ᠺᠢᠯᠣᠮᠧᠲᠷ ᠪᠣᠬᠢᠷ ᠤᠰᠤᠨ ᠤ ᠬᠤᠭᠤᠯᠠᠢ ᠶᠢ ᠦᠭᠡᠷᠡᠴᠢᠯᠡᠨ ᠥᠷᠭᠡᠳᠬᠡᠨ | ᠪᠠᠶᠢᠭᠤᠯᠵᠤ᠂ ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠪᠠ᠃ 2023 ᠣᠨ ᠳᠤ ᠪᠠᠯᠭᠠᠷᠭᠤᠣᠯ ᠪᠠᠯᠭᠠᠰᠣᠨ ᠤ | 6859 ᠮᠧᠲᠷ ᠤᠨ ᠤᠰᠤ ᠬᠠᠩᠭᠠᠬᠤ ᠬᠤᠭᠤᠯᠠᠢ᠂ 3683 ᠮᠧᠲᠷ ᠤᠨ ᠪᠣᠬᠢᠷ ᠤᠰᠤᠨ ᠤ ᠬᠤᠭᠤᠯᠠᠢ ᠶᠢ | ᠥᠭᠡᠷᠡᠴᠢᠯᠡᠬᠦ ᠢᠨᠵᠧᠨᠧᠷᠢᠩ ᠤᠨ ᠬᠤᠶᠠᠳᠤᠭᠠᠷ᠂ ᠭᠤᠷᠪᠠᠳᠤᠭᠠᠷ ᠪᠠᠷᠢᠮᠵᠢᠶᠠᠲᠤ ᠬᠡᠰᠡᠭ ᠤᠨ ᠪᠠᠷᠢᠯᠭ᠎ᠠ ᠵᠢᠴᠢ | ᠦᠵᠦᠮᠦᠴᠢᠨ ᠵᠡᠭᠡᠯᠢ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠡᠬᠢᠯᠡᠨ | ᠪᠠᠶᠢᠭᠤᠯᠵᠤ᠂ ᠡᠨᠡ ᠵᠢᠯ 3 ᠺᠢᠯᠣᠮᠧᠲᠷ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠪᠠᠷ | ᠲᠥᠯᠥᠪᠯᠡᠵᠦ᠂ 6 ᠳ᠋ᠤᠭᠠᠷ ᠰᠠᠷ᠎ᠠ ᠳᠤ ᠠᠵᠢᠯ ᠡᠬᠢᠯᠡᠨ᠂ ᠣᠳᠣᠬᠠᠨ ᠪᠣᠯᠲᠠᠯ᠎ᠠ ᠨᠢᠭᠡᠨᠲᠡ 2 ᠺᠢᠯᠣᠮᠧᠲᠷ ᠤᠨ | ᠬᠤᠭᠤᠯᠠᠢ ᠶᠢ ᠦᠭᠡᠷᠡᠴᠢᠯᠡᠨ ᠪᠠᠶᠢᠭᠤᠯᠵᠤ ᠳᠠᠭᠤᠰᠪᠠ᠃ | | ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠣᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠳᠡᠳ᠋ ᠵᠠᠬᠢᠷᠣᠯ ᠳ᠋ᠦᠩ ᠵᠠᠨ ᠢᠦᠢ | — ᠮᠠᠨ ᠤ ᠦᠢᠯᠡᠳᠪᠦᠷᠢ ᠨᠢ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠳᠦᠭᠡᠷ ᠳᠡᠰ ᠤᠨ A ᠪᠠᠷᠢᠮᠵᠢᠶ᠎ᠠ ᠶᠢ ᠬᠡᠷᠡᠭᠵᠢᠭᠦᠯᠵᠦ᠂ ᠪᠣᠬᠢᠷ ᠤᠰᠤ ᠶᠢ | ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ ᠂ 2023 ᠣᠨ ᠤ ᠢᠨᠵᠧᠨᠧᠷᠢᠩ ᠤᠨ ᠠᠵᠢᠯ | ᠤᠨ ᠡᠭᠦᠷᠭᠡ ᠪᠠᠨ ᠠᠷᠪᠠᠳᠣᠭᠠᠷ ᠰᠠᠷ᠎ᠠ ᠶᠢᠨ ᠰᠡᠭᠦᠯᠴᠢ ᠳᠤ ᠪᠦᠬᠦᠨ ᠢ ᠪᠡᠶᠡᠯᠡᠭᠦᠯᠬᠦ ᠪᠠᠷ ᠪᠤᠢ᠃ | |