︽ᠤᠩᠰᠢᠯᠭ᠎ᠠ ᠶᠢ ᠭᠦᠳᠣᠳᠬᠡᠨ ᠲᠠᠨᠢᠯᠳᠠ ᠪᠠᠨ ᠨᠢᠬᠡᠳᠬᠡᠵᠦ᠂ ᠡᠭᠦᠷᠬᠡ ᠲᠤᠰᠢᠶᠠᠯ ᠢᠶᠠᠨ ᠰᠠᠶᠢᠳᠣᠷ ᠬᠦᠢᠴᠠᠳᠬᠡᠶ᠎ᠠ︾ ᠬᠡᠬᠦ ᠨᠤᠮ ᠤᠩᠰᠢᠭᠰᠠᠨ ᠲᠦᠷᠦᠭᠳᠠᠯ ᠢᠶᠠᠨ ᠬᠤᠪᠢᠶᠠᠯᠴᠠᠬᠤ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2023/9/12
  ︽ᠤᠩᠰᠢᠯᠭ᠎ᠠ ᠶᠢ ᠭᠦᠳᠣᠳᠬᠡᠨ ᠲᠠᠨᠢᠯᠳᠠ ᠪᠠᠨ ᠨᠢᠬᠡᠳᠬᠡᠵᠦ᠂ ᠡᠭᠦᠷᠬᠡ ᠲᠤᠰᠢᠶᠠᠯ ᠢᠶᠠᠨ ᠰᠠᠶᠢᠳᠣᠷ ᠬᠦᠢᠴᠠᠳᠬᠡᠶ᠎ᠠ︾ ᠬᠡᠬᠦ ᠨᠤᠮ ᠤᠩᠰᠢᠭᠰᠠᠨ ᠲᠦᠷᠦᠭᠳᠠᠯ ᠢᠶᠠᠨ ᠬᠤᠪᠢᠶᠠᠯᠴᠠᠬᠤ ᠠᠵᠢᠯᠯᠠᠭ᠎ᠠ ᠶᠠᠪᠤᠭᠳᠠᠯ᠎ᠠ          9 ᠰᠠᠷ᠎ᠠ ᠶᠢᠨ 8 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠪᠠᠶᠢᠭᠤᠯᠤᠮᠵᠢ ᠪᠠ ᠪᠠᠯᠭᠠᠷᠭᠤᠤᠯ ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠠᠴᠠ ᠬᠠᠮᠲᠤᠷᠠᠨ᠂ ︽ᠤᠩᠰᠢᠯᠭ᠎ᠠ ᠶᠢ ᠭᠦᠳᠣᠳᠬᠡᠨ ᠲᠠᠨᠢᠯᠳᠠ ᠪᠠᠨ ᠨᠢᠬᠡᠳᠬᠡᠵᠦ᠂ ᠡᠭᠦᠷᠬᠡ ᠲᠤᠰᠢᠶᠠᠯ ᠢᠶᠠᠨ ᠰᠠᠶᠢᠳᠣᠷ ᠬᠦᠢᠴᠠᠳᠬᠡᠶ᠎ᠠ︾ ᠬᠡᠬᠦ ᠠᠷᠠᠳ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠬᠤᠶᠠᠳᠠᠭᠢ ᠤᠳᠠᠭᠠᠨ ᠤ ᠨᠣᠮ ᠤᠩᠰᠢᠭᠰᠠᠨ ᠲᠦᠷᠦᠭᠳᠠᠯ ᠢᠶᠠᠨ ᠬᠤᠪᠢᠶᠠᠯᠴᠠᠬᠤ ᠠᠵᠢᠯᠯᠠᠭ᠎ᠠ ᠶᠠᠪᠤᠭᠳᠠᠯ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠳᠠᠨᠢᠰᠦ᠋ᠷᠦᠭ᠂ ᠯᠦ ᠵᠧᠨ ᠰᠢᠨ ᠵᠢᠴᠢ ᠬᠡᠰᠡᠭ ᠬᠤᠰᠢᠭᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ  ᠪᠠᠶᠢᠭᠤᠯᠤᠮᠵᠢ ᠶᠢᠨ ᠺᠠᠳ᠋ᠷ ᠠᠵᠢᠯᠲᠠᠨ ᠠᠵᠢᠯᠯᠠᠭ᠎ᠠ ᠳᠤ ᠣᠷᠣᠯᠴᠠᠵᠠᠢ᠃    ᠠᠵᠢᠯᠯᠠᠭ᠎ᠠ ᠳᠤ ᠡᠷᠳᠠᠨᠢᠰᠦ᠋ᠷᠦᠭ ᠪᠠᠶᠠᠷ ᠤᠨ ᠦᠭᠡ ᠬᠡᠯᠡᠵᠡᠢ᠃ ᠲᠡᠷᠡ ᠶᠠᠷᠢᠶᠠᠨ ᠳᠠᠭᠠᠨ  ᠂ ᠪᠥᠬᠦ ᠨᠠᠮ ᠢᠶᠠᠷ  ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠶᠠᠳᠤᠭᠠᠷ  ᠤᠳᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠠᠰᠢᠷᠡᠮ ᠳᠤ᠂ ᠲᠣᠰ ᠤᠳᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠺᠠᠳ᠋ᠷᠴᠤᠳ ᠢ ᠬᠥᠲᠥᠯᠥᠨ ᠵᠢᠯᠤᠭᠤᠳᠴᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠰᠡᠨ ᠶᠤᠮ ᠬᠡᠵᠡᠢ᠃    ᠡᠯ᠎ᠡ ᠠᠵᠢᠯ ᠲᠦᠷᠦᠯ ᠤᠨ ᠠᠷᠠᠳ ᠤᠨ ᠲᠥᠯᠥᠭᠡᠯᠡᠭᠴᠢ ᠥᠪᠡᠷ ᠤᠨ ᠦᠵᠡᠯ ᠰᠠᠨᠠᠭᠠᠨ ᠤ ᠪᠣᠳᠠᠲᠤ ᠪᠠᠶᠢᠳᠠᠯ ᠪᠣᠯᠣᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠵᠤ᠂ ᠥᠪᠡᠷ ᠤᠨ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠬᠡᠰᠡᠭ ᠵᠣᠬᠢᠶᠠᠯ ᠢ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠪᠠ᠃     ᠲᠣᠰ ᠤᠳᠠᠭᠠᠨ ᠤ ᠠᠵᠢᠯᠯᠠᠭ᠎ᠠ ᠨᠢ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ  ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠣᠶᠢᠯᠠᠭᠠᠯᠲᠠ ᠶᠢ  ᠭᠦᠨᠵᠡᠭᠡᠶᠢᠷᠡᠭᠦᠯᠵᠦ᠂ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠠᠵᠢᠯᠯᠠᠭ᠎ᠠ ᠪᠠᠨ ᠨᠢᠭᠡᠳᠬᠡᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号