ᠪᠠᠷᠠᠭᠤᠨ ᠦᠵᠦᠮᠦᠴᠢᠨ ᠬᠤᠰᠢᠭᠤᠨ ᠤ ᠣᠷᠣᠨ ᠤ | ᠳᠡᠰ ᠤᠨ ᠪᠣᠳᠠᠰ ᠤᠨ ᠪᠣᠰᠣ ᠰᠣᠶᠣᠯ ᠤᠨ ᠥᠪ — | ︽ᠮᠣᠩᠭᠤᠯ ᠦᠨᠳᠦᠰᠦᠲᠡᠨ ᠤ ᠬᠠᠳᠬᠤᠮᠠᠯ︾ ᠤᠨ ᠪᠣᠯᠪᠠᠰᠣᠷᠠᠯ ᠠᠮᠵᠢᠯᠲᠠᠲᠠᠢ ᠲᠡᠭᠦᠰᠪᠡ | | | 9 ᠰᠠᠷ᠎ᠠ ᠶᠢᠨ 9 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠷᠣᠨ ᠤ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠪᠣᠯᠬᠤ ︽ᠮᠣᠩᠭᠤᠯ ᠦᠨᠳᠦᠰᠦᠲᠡᠨ ᠤ ᠬᠠᠳᠬᠤᠮᠠᠯ︾ ᠤᠨ | ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠴᠦ᠂ ᠲᠣᠰ ᠤᠳᠠᠭᠠᠨ ᠤ ᠪᠣᠯᠪᠠᠰᠣᠷᠠᠯ ᠨᠢ ᠪᠥᠬᠦ | ᠬᠤᠰᠢᠭᠤᠨ ᠤ ᠥᠷᠭᠡᠨ ᠣᠯᠠᠨ ᠬᠠᠳᠬᠤᠮᠠᠯ ᠳᠤ ᠪᠠᠭ᠋ᠠᠲᠠᠢ ᠬᠥᠮᠥᠰ ᠲᠤ ᠬᠠᠷᠢᠯᠴᠠᠨ ᠰᠤᠷᠤᠯᠴᠠᠵᠤ ᠰᠣᠯᠢᠯᠴᠠᠬᠤ | ᠲᠠᠪᠴᠠᠩ ᠬᠠᠩᠭᠠᠵᠣ᠂ ᠤᠯᠠᠮᠵᠢᠯᠠᠨ ᠵᠠᠯᠭᠠᠮᠵᠢᠯᠠᠬᠤ ᠣᠷ᠎ᠠ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯ | ᠦᠢᠯᠡᠰ ᠢ ᠬᠥᠭᠵᠢᠭᠦᠯᠬᠦ ᠲᠥᠪ ︵ᠰᠣᠶᠣᠯ ᠤᠨ ᠣᠷᠳᠣᠨ︶ ᠠᠴᠠ ᠬᠠᠮᠲᠤᠷᠠᠨ ᠡᠷᠬᠢᠯᠡᠵᠤ᠂ ᠪᠥᠬᠦ ᠬᠤᠰᠢᠭᠤᠨ ᠤ | 60 ᠭᠠᠷᠤᠢ ᠬᠠᠳᠬᠤᠮᠠᠯ ᠳᠤ ᠪᠠᠭ᠋ᠠᠲᠠᠢ ᠬᠥᠮᠥᠰ ᠣᠷᠣᠯᠴᠠᠵᠠᠢ᠃ | ᠲᠣᠰ ᠤᠳᠠᠭᠠᠨ ᠤ ᠪᠣᠯᠪᠠᠰᠤᠷᠠᠯ ᠨᠢ 6 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︵ᠵᠡᠭᠦᠨ ᠦᠵᠦᠮᠦᠴᠢᠨ | ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠣᠯᠠᠮᠵᠢᠯᠠᠭᠴᠢ᠂ ᠢᠰᠡᠭᠡᠢ ᠰᠢᠷᠢᠮᠡᠯ ᠤᠨ | ᠲᠣᠰᠬᠠᠢ ᠮᠡᠷᠭᠡᠵᠢᠯ ᠤᠨ ᠪᠠᠭᠰᠢ︶ ᠪᠣᠯᠣᠨ ᠽᠠᠨᠳᠠᠨᠴᠡᠴᠡᠭ ︵ᠪᠠᠷᠠᠭᠤᠨ ᠦᠵᠦᠮᠦᠴᠢᠨ ᠬᠤᠰᠢᠭᠤᠨ ᠤ ᠪᠣᠳᠠᠰ ᠤᠨ | ᠪᠤᠰᠤ ᠰᠣᠶᠣᠯ ᠤᠨ ᠥᠪ ᠤᠨ ᠥᠪᠯᠡᠨ ᠣᠯᠠᠮᠵᠢᠯᠠᠭᠴᠢ︶ ᠦᠭᠡᠳᠡᠯᠡᠬᠦ ᠬᠤᠶᠠᠷ ᠪᠠᠭᠰᠢ ᠠᠴᠠ ᠣᠨᠣᠯ ᠪᠠ | ᠦᠢᠯᠡᠳᠦᠯᠭᠡ ᠶᠢ ᠣᠶᠠᠯᠳᠣᠭᠤᠯᠵᠣ᠂ ᠬᠠᠷᠢᠯᠴᠠᠨ ᠰᠣᠯᠢᠯᠴᠠᠬᠤ᠂ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠬᠤ | ᠵᠡᠷᠭᠡ ᠬᠡᠯᠪᠡᠷᠢ ᠪᠠᠷ ᠬᠢᠴᠢᠶᠡᠯᠯᠡᠵᠤ᠂ ᠰᠤᠷᠤᠭᠴᠢᠳ ᠲᠤ ᠢᠰᠡᠭᠡᠢ ᠣᠷᠠᠯᠠᠯ ᠬᠢᠬᠦ ᠠᠷᠭ᠎ᠠ᠂ ᠶᠠᠪᠤᠴᠠ ᠪᠠ ᠲᠥᠰᠥᠪᠯᠡᠯ | ᠂ ᠥᠩᠭᠡ ᠶᠢ ᠵᠣᠬᠢᠴᠠᠭᠤᠯᠤᠨ ᠬᠡᠷᠡᠭᠯᠡᠬᠦ ᠵᠡᠷᠭᠡ ᠶᠢᠨ ᠦᠨᠳᠦᠰᠦᠨ ᠮᠡᠳᠡᠯᠭᠡ ᠪᠠ ᠪᠣᠳᠠᠲᠠᠢ ᠠᠷᠭ᠎ᠠ ᠪᠠᠷᠢᠯ ᠢ ᠨᠠᠷᠢᠨ | ᠨᠢᠮᠪᠠᠢ ᠲᠠᠶᠢᠯᠪᠤᠷᠢᠯᠠᠨ ᠥᠭᠴᠡᠢ᠃ | ᠪᠣᠯᠪᠠᠰᠣᠷᠠᠯ ᠢᠶᠠᠷ ᠳᠡᠮᠵᠢᠨ᠂ ᠰᠤᠷᠤᠭᠴᠢᠳ ᠡᠯ᠎ᠡ ᠵᠦᠢᠯ ᠤᠨ ᠴᠡᠴᠡᠭ ᠬᠤᠸᠠᠷ᠂ ᠲᠠᠪᠤᠨ ᠬᠤᠰᠢᠭᠤ ᠮᠠᠯ᠂ | ᠮᠣᠩᠭᠤᠯ ᠭᠡᠷ᠂ ᠠᠨᠠᠷ ᠤᠨ ᠦᠷ᠎ᠡ ᠶᠢᠨ ᠵᠣᠷᠢᠭ ᠰᠠᠨᠠᠭ᠎ᠠ ᠵᠡᠷᠭᠡ ᠬᠡᠯᠪᠡᠷᠢ ᠶᠢᠨ ᠬᠠᠳᠬᠤᠮᠠᠯ ᠢ ᠬᠠᠳᠬᠤᠵᠣ᠂ ᠢᠰᠡᠭᠡᠢ | ᠣᠷᠠᠯᠠᠯ ᠬᠢᠬᠦ ᠤᠷ᠎ᠠ ᠮᠡᠷᠭᠡᠵᠢᠯ ᠢ ᠠᠩᠬ᠎ᠠ ᠠᠯᠬᠤᠮ ᠡᠵᠡᠮᠰᠢᠵᠣ᠂ ᠬᠠᠳᠬᠤᠮᠠᠯ ᠳᠤ ᠪᠠᠭ᠋ᠠᠲᠠᠢ ᠬᠥᠮᠥᠰ ᠲᠤ ᠮᠣᠩᠭᠤᠯ | ᠦᠨᠳᠦᠰᠦᠲᠡᠨ ᠤ ᠬᠠᠳᠬᠤᠮᠠᠯ ᠤᠨ ᠣᠷᠠᠯᠢᠭ ᠢ ᠨᠠᠩ ᠭᠦᠨᠵᠡᠭᠡᠢ ᠣᠶᠢᠯᠠᠭᠠᠭᠤᠯᠵᠤ᠂ ᠬᠤᠶᠢᠰᠢᠳᠠ ᠶᠢᠨ | ᠦᠨᠳᠦᠰᠦᠲᠡᠨ ᠤ ᠣᠨᠴᠠᠯᠢᠭᠲᠤ ᠠᠵᠤ ᠦᠢᠯᠡᠰ ᠢ ᠨᠠᠩ ᠰᠠᠶᠢᠨ ᠤᠯᠠᠮᠵᠢᠯᠠᠨ ᠬᠠᠮᠠᠭᠠᠯᠠᠬᠤ ᠳᠤ ᠰᠠᠭᠤᠷᠢ ᠲᠠᠯᠪᠢᠵᠤ | ᠥᠭᠭᠦᠭᠰᠡᠨ ᠪᠠᠶᠢᠨ᠎ᠠ᠃ |