ᠪᠠᠷᠠᠭᠤᠨ ᠦᠵᠦᠮᠦᠴᠢᠨ ᠬᠤᠰᠢᠭᠤᠨ ᠤ 99 ᠨᠣᠮᠧᠷᠲᠤ ᠵᠢᠭᠤᠯᠴᠢᠯᠠᠯ ᠤᠨ ᠵᠠᠰᠠᠮᠠᠯ ᠵᠠᠮ ᠵᠢᠴᠢ ᠬᠡᠰᠡᠭ ᠵᠠᠮ ᠤᠨ ᠬᠡᠰᠡᠭ ᠲᠤ ᠥᠨᠳᠥᠷ ᠢ ᠬᠢᠵᠠᠭᠠᠷᠯᠠᠬᠤ ᠣᠶᠣᠨᠴᠢᠯᠠᠭᠰᠠᠨ ᠳᠦᠬᠦᠭᠡᠷᠦᠮᠵᠢ ᠲᠣᠬᠢᠷᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/9/12
 ᠪᠠᠷᠠᠭᠤᠨ ᠦᠵᠦᠮᠦᠴᠢᠨ ᠬᠤᠰᠢᠭᠤᠨ ᠤ 99 ᠨᠣᠮᠧᠷᠲᠤ ᠵᠢᠭᠤᠯᠴᠢᠯᠠᠯ ᠤᠨ ᠵᠠᠰᠠᠮᠠᠯ ᠵᠠᠮ ᠵᠢᠴᠢ ᠬᠡᠰᠡᠭ ᠵᠠᠮ ᠤᠨ ᠬᠡᠰᠡᠭ ᠲᠤ ᠥᠨᠳᠥᠷ ᠢ ᠬᠢᠵᠠᠭᠠᠷᠯᠠᠬᠤ ᠣᠶᠣᠨᠴᠢᠯᠠᠭᠰᠠᠨ ᠳᠦᠬᠦᠭᠡᠷᠦᠮᠵᠢ ᠲᠣᠬᠢᠷᠠᠭᠤᠯᠬᠤ ᠲᠤᠬᠠᠢ ᠵᠠᠷᠯᠠᠯ                                   99 ᠨᠣᠮᠧᠷᠲᠤ ᠵᠠᠰᠠᠮᠠᠯ ᠵᠠᠮ ᠵᠢᠴᠢ ᠮᠠᠯᠵᠢᠬᠤ ᠲᠠᠷᠢᠶᠠᠯᠠᠬᠤ ᠣᠷᠣᠨ ᠤ ᠬᠡᠰᠡᠭ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠳᠢᠭᠯᠢᠮ ᠲᠠᠢ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠪᠠᠷᠠᠭᠤᠨ ᠦᠵᠦᠮᠦᠴᠢᠨ ᠬᠤᠰᠢᠭᠤᠨ ᠤ 99 ᠨᠣᠮᠧᠷᠲᠤ ᠵᠢᠭᠤᠯᠴᠢᠯᠠᠯ ᠤᠨ ᠵᠠᠰᠠᠮᠠᠯ ᠵᠠᠮ ᠵᠢᠴᠢ ᠬᠡᠰᠡᠭ ᠰᠢᠶᠠᠨ ᠤ ᠵᠠᠮ ᠳᠤ 8 ᠥᠨᠳᠥᠷ ᠢ ᠬᠢᠵᠠᠭᠠᠷᠯᠠᠬᠤ ᠳᠦᠬᠦᠭᠡᠷᠦᠮᠵᠢ ᠲᠣᠬᠢᠷᠠᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠥᠨᠳᠥᠷ ᠢ ᠬᠢᠵᠠᠭᠠᠷᠯᠠᠬᠤ ᠣᠶᠣᠨᠴᠢᠯᠠᠭᠰᠠᠨ ᠳᠦᠬᠦᠭᠡᠷᠦᠮᠵᠢ ᠲᠣᠬᠢᠷᠠᠭᠤᠯᠬᠤ ᠪᠠᠶᠢᠷᠢ   1. 99 ᠨᠣᠮᠧᠷᠲᠤ ᠵᠢᠭᠤᠯᠴᠢᠯᠠᠯ ᠤᠨ ᠵᠠᠰᠠᠮᠠᠯ ᠵᠠᠮ ᠤᠨ ᠱᠡᠦᠲᠦ ᠭᠠᠴᠠᠭᠠᠨ ᠠᠴᠠ G306 ᠮᠣᠩᠭᠤᠯ ᠬᠠᠨ ᠬᠤᠲᠠ ᠬᠦᠷᠬᠦ ᠬᠡᠰᠡᠭ ᠤᠨ K0+550m ︵ᠱᠡᠦᠲᠦ ᠭᠠᠴᠠᠭᠠᠨ ᠤ G207 ᠶᠢᠨ ᠡᠮᠦᠨ᠎ᠡ ᠲᠠᠯ᠎ᠠ ᠳᠤ︶ ᠴᠡᠭ᠂ K29 + 420m ︵ᠮᠣᠩᠭᠤᠯ ᠬᠠᠨ ᠬᠤᠲᠠ ᠶᠢᠨ G306 ᠶᠢᠨ ᠪᠠᠷᠠᠭᠤᠨ ᠲᠠᠯ᠎ᠠ ᠳᠤ︶ ᠴᠡᠭ᠂  ᠥᠨᠳᠥᠷ  ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃   ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠬᠤᠭᠤᠯᠠᠲᠤ ᠶᠢᠨ ᠭᠤᠣᠯ ᠪᠠᠯᠭᠠᠰᠤ᠄ᠬᠠᠷᠢᠯᠴᠠᠬᠤ ᠤᠲᠠᠰᠤ᠄ 187 0479 7779;  180 0479 0002; 188 0479 7766   2. 99 ᠨᠣᠮᠧᠷᠲᠤ ᠵᠠᠰᠠᠮᠠᠯ ᠵᠠᠮ ᠤᠨ ᠮᠣᠩᠭᠤᠯ ᠬᠠᠨ ᠬᠤᠲᠠ ᠠᠴᠠ ᠶᠣᠯᠣ ᠬᠠᠶᠢᠷᠬᠠᠨ ᠬᠦᠷᠬᠦ ᠬᠡᠰᠡᠭ ᠤᠨ C035 ︱ K0+50m ︵ᠮᠣᠩᠭᠤᠯ ᠬᠠᠨ ᠬᠤᠲᠠ ᠶᠢᠨ G306 ᠶᠢᠨ ᠵᠡᠭᠦᠨ ᠲᠠᠯ᠎ᠠ ᠳᠤ︶ ᠴᠡᠭ᠂ X504-K302+170m ︵ᠠᠯᠲᠠᠩᠭᠤᠣᠯ ᠰᠠᠭᠤᠭᠠᠯᠢ ᠲᠣᠭᠤᠷᠢᠭ︶ ᠴᠡᠭ᠂ ᠥᠨᠳᠥᠷ ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃   ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠬᠤᠭᠤᠯᠠᠲᠤ ᠶᠢᠨ ᠭᠤᠣᠯ ᠪᠠᠯᠭᠠᠰᠤ᠄ᠬᠠᠷᠢᠯᠴᠠᠬᠤ ᠤᠲᠠᠰᠤ᠄ 187 0479 7779;  180 0479 0002; 188 0479 7766   3. ᠶᠠᠷᠭᠠᠶᠢᠲᠤ ᠵᠢᠷ ᠤᠨ ᠭᠤᠣᠯ ᠱᠤᠭᠤᠮ ᠤᠨ K7+400m ︵X509 ᠶᠠᠷᠭᠠᠶᠢᠲᠤ ᠶᠢᠨ ᠬᠤᠶᠢᠲᠤ ᠲᠠᠯ᠎ᠠ ᠳᠤ︶ ᠴᠡᠭ᠂ ᠥᠨᠳᠥᠷ ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃  ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠬᠤᠭᠤᠯᠠᠲᠤ ᠶᠢᠨ ᠭᠤᠣᠯ ᠪᠠᠯᠭᠠᠰᠤ᠄ᠬᠠᠷᠢᠯᠴᠠᠬᠤ ᠤᠲᠠᠰᠤ᠄ 187 0479 7779;  180 0479 0002; 188 0479 7766   4. 99 ᠨᠣᠮᠧᠷᠲᠤ ᠵᠠᠰᠠᠮᠠᠯ ᠵᠠᠮ ᠤᠨ ᠭᠤᠷᠣᠬᠠᠨ ᠪᠠᠯᠭᠠᠰᠤᠨ ᠠᠴᠠ S206 ᠪᠠᠶᠠᠨᠬᠥ᠋ᠪᠡᠭᠡ ᠭᠠᠴᠠᠭ᠎ᠠ ᠬᠦᠷᠬᠦ ᠬᠡᠰᠡᠭ ᠤᠨ K38 + 420m ︵ᠪᠠᠶᠠᠨᠬᠥ᠋ᠪᠡᠭᠡ ᠭᠠᠴᠠᠭᠠᠨ ᠤ S206 ᠵᠠᠮ ᠤᠨ ᠠᠭᠤᠯᠵᠠᠷ︶ ᠴᠡᠭ᠂ ᠥᠨᠳᠥᠷ ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠭᠤᠷᠣᠬᠠᠨ ᠪᠠᠯᠭᠠᠰᠤ᠄ᠬᠠᠷᠢᠯᠴᠠᠬᠤ ᠤᠲᠠᠰᠤ᠄ 176 8479 4714; 150 4793 7669;  157 7138 2916  5. ᠰᠢᠶᠠᠨ ᠤ ᠵᠠᠮ ᠤᠨ X504-K17+000m ︵ᠤᠯᠠᠭᠠᠨᠬᠠᠭᠠᠯᠭ᠎ᠠ ᠰᠣᠮᠣᠨ ᠤ ᠡᠮᠦᠨ᠎ᠡ ᠲᠠᠯ᠎ᠠ ᠶᠢᠨ ᠭᠠᠷᠬᠤ ᠡᠭᠦᠳᠡ︶ ᠴᠡᠭ᠂ ᠥᠨᠳᠥᠷ ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠤᠯᠠᠭᠠᠨᠬᠠᠭᠠᠯᠭ᠎ᠠ ᠰᠣᠮᠣ᠄ᠬᠠᠷᠢᠯᠴᠠᠬᠤ ᠤᠲᠠᠰᠤ᠄ 187 4790 5123; 180 4796 4447;  139 4790 8834   6. ᠰᠢᠶᠠᠨ ᠤ ᠵᠠᠮ ᠤᠨ X507 ︱K13+50m ︵ᠪᠠᠶᠠᠩᠬᠤᠸᠠ ᠪᠠᠯᠭᠠᠰᠤᠨ ᠤ ᠤᠯᠠᠭᠠᠠᠣᠳᠣ ᠭᠠᠴᠠᠭᠠᠨ ᠤ ᠠᠯᠪᠠᠨ ᠭᠡᠷ ᠤᠨ ᠬᠤᠶᠢᠲᠤ ᠲᠠᠯ᠎ᠠ ᠳᠤ︶ ᠴᠡᠭ᠂ ᠥᠨᠳᠥᠷ ᠤᠨ ᠬᠡᠮᠵᠢᠶ᠎ᠡ ᠶᠢ 3.2 ᠮᠧᠲᠷ ᠢᠶᠠᠷ ᠬᠢᠵᠠᠭᠠᠷᠯᠠᠨ᠎ᠠ᠃ᠡᠳᠦᠷ ᠲᠤᠲᠤᠮ ᠤᠨ ᠬᠠᠮᠢᠶᠠᠷᠤᠯᠲᠠ ᠶᠢᠨ ᠨᠢᠭᠡᠴᠡ ᠨᠢ ᠪᠠᠶᠠᠩᠬᠤᠸᠠ ᠪᠠᠯᠭᠠᠰᠤ᠄ᠬᠠᠷᠢᠯᠴᠠᠬᠤ ᠤᠲᠠᠰᠤ᠄ 13947942673;  15847932377; 136 74892747   ᠬᠤᠶᠠᠷ᠂ ᠲᠡᠷᠭᠡ ᠨᠡᠪᠲᠡᠷᠡᠬᠦ ᠳᠤ ᠲᠦᠷ ᠴᠠᠭ ᠬᠡᠷᠡᠭᠵᠢᠭᠦᠯᠬᠦ ᠠᠷᠭ᠎ᠠ ᠬᠡᠮᠵᠢᠶ᠎ᠡ   ᠦᠢᠯᠡᠳᠪᠦᠷᠢᠯᠡᠯ ᠠᠮᠢᠳᠤᠷᠠᠯ᠂ ᠪᠠᠷᠢᠯᠭ᠎ᠠ ᠶᠢᠨ ᠪᠠᠴᠢᠮ ᠠᠰᠠᠭᠤᠳᠠᠯ ᠢ ᠰᠢᠢᠳᠪᠦᠷᠢᠯᠡᠬᠦ᠂ ᠴᠢᠬᠤᠯᠠ  ᠠᠷᠠᠳ ᠤᠨ ᠠᠮᠢᠳᠤᠷᠠᠯ ᠬᠢᠭᠡᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠶᠢᠨ ᠬᠡᠷᠡᠭᠴᠡᠭᠡ ᠠᠴᠠ ᠪᠣᠯᠵᠤ ᠥᠨᠳᠥᠷ ᠢ ᠬᠢᠵᠠᠭᠠᠷᠯᠠᠬᠤ ᠳᠦᠬᠦᠭᠡᠷᠦᠮᠵᠢ ᠪᠠᠷ ᠥᠩᠭᠡᠷᠡᠬᠦ ᠴᠢᠬᠤᠯᠠ ᠲᠠᠢ ᠪᠣᠯ ᠵᠠᠮ ᠤᠨ ᠬᠠᠷᠢᠶ᠎ᠠ ᠣᠷᠣᠨ ᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠦᠷᠴᠦ ᠲᠥᠷ ᠴᠠᠭ ᠨᠡᠪᠲᠡᠷᠡᠬᠦ ᠭᠠᠷᠳᠠᠮ ᠭᠦᠢᠴᠡᠳᠬᠡᠬᠦ ᠪᠥᠭᠡᠳ ᠴᠢᠬᠤᠯᠠ ᠪᠦᠬᠦᠢ ᠠᠶᠤᠯᠭᠦᠢ ᠶᠢᠨ ᠠᠷᠭ᠎ᠠ ᠬᠡᠮᠵᠢᠶ᠎ᠡ ᠠᠪᠤᠭᠰᠠᠨ ᠤ ᠲᠠᠷᠠᠭ᠎ᠠ᠂ ᠲᠣᠭᠲᠠᠭᠠᠭᠰᠠᠨ ᠴᠠᠭ᠂ ᠱᠤᠭᠤᠮ᠂ ᠬᠤᠷᠳᠤᠴᠠ ᠶᠣᠰᠣᠭᠠᠷ ᠥᠩᠭᠡᠷᠡᠬᠦ ᠬᠡᠷᠡᠭᠲᠡᠢ᠃   ᠳᠡᠭᠡᠷ᠎ᠡ ᠳᠤᠷᠠᠳᠤᠭᠰᠠᠨ ᠲᠣᠭᠲᠠᠭᠠᠯ ᠢ ᠵᠢᠷᠤᠮᠯᠠᠭᠰᠠᠨ ᠦᠭᠡᠢ ᠠᠴᠠ ᠪᠣᠯᠵᠤ ᠵᠠᠰᠠᠮᠠᠯ ᠵᠡᠮ ᠢ ᠡᠪᠳᠡᠨ ᠰᠦᠢᠳᠬᠡᠭᠰᠡᠨ ᠪᠠᠶᠢᠪᠠᠯ᠂ ᠡᠪᠳᠡᠨ ᠰᠦᠢᠳᠬᠡᠭᠰᠡᠨ ᠪᠠᠶᠢᠳᠠᠯ ᠢ ᠦᠨᠳᠦᠰᠦᠯᠡᠨ  ᠲᠥᠯᠥᠪᠦᠷᠢ ᠥᠭᠬᠦ ᠬᠡᠷᠡᠭᠲᠡᠢ᠃ ᠬᠠᠤᠯᠢ ᠲᠣᠭᠲᠠᠭᠠᠯ  ᠠᠴᠠ ᠵᠥᠷᠢᠴᠡᠭᠰᠡᠨ ᠰᠡᠵᠢᠭᠯᠡᠯᠲᠡᠢ ᠪᠠᠶᠢᠪᠠᠯ᠂  ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠰᠢᠢᠳᠪᠦᠷᠢᠯᠡᠬᠦ ᠪᠠ ᠰᠢᠢᠳᠬᠡᠨ ᠲᠣᠷᠭᠠᠨ᠎ᠠ᠃ ᠥᠨᠳᠥᠷ ᠢ ᠬᠢᠵᠠᠭᠠᠷᠯᠠᠬᠤ ᠳᠦᠬᠦᠭᠡᠷᠦᠮᠵᠢ ᠶᠢ ᠲᠡᠷᠭᠡ ᠪᠠᠷ ᠮᠥᠷᠭᠦᠨ ᠡᠪᠳᠡᠬᠦ ᠪᠤᠶᠤ ᠴᠠᠬᠢᠯᠭᠠᠨ ᠢ ᠵᠣᠷᠢᠭᠤᠳᠠ ᠲᠠᠰᠤᠯᠬᠤ ᠵᠡᠷᠭᠡ ᠦᠶᠯᠡ ᠠᠵᠢᠯᠯᠠᠭ᠎ᠠ ᠠᠴᠠ ᠪᠣᠯᠵᠤ ᠥᠨᠳᠥᠷ ᠢ ᠬᠢᠵᠠᠭᠠᠷᠯᠠᠬᠤ ᠳᠦᠬᠦᠭᠡᠷᠦᠮᠵᠢ ᠵᠢᠴᠢ ᠵᠠᠰᠠᠮᠠᠯ ᠵᠠᠮ ᠤᠨ ᠳᠠᠭᠠᠯᠲᠠ  ᠳᠦᠬᠦᠭᠡᠷᠦᠮᠵᠢ ᠶᠢ ᠡᠪᠳᠡᠨ ᠰᠦᠢᠳᠬᠡᠵᠦ᠂ ᠬᠡᠪ ᠤᠨ ᠪᠠᠶᠢᠳᠠᠯ ᠢᠶᠠᠷ ᠬᠡᠷᠡᠭᠯᠡᠵᠦ ᠪᠣᠯᠬᠤ ᠦᠭᠡᠢ ᠪᠣᠯᠭᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠰᠢᠢᠳᠪᠦᠷᠢᠯᠡᠬᠦ ᠪᠠ ᠰᠢᠢᠳᠬᠡᠨ ᠲᠣᠷᠭᠠᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠᠪᠠᠷᠠᠭᠤᠨ ᠦᠵᠦᠮᠦᠴᠢᠨ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                                           2023 ᠣᠨ ᠤ 9 ᠰᠠᠷ᠎ᠠ ᠶᠢᠨ 4 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号