ᠮᠠᠯ ᠤᠨ ᠭᠠᠷᠭᠠᠯᠲᠠ ᠶᠢ ᠲᠦᠷᠭᠡᠳᠬᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/9/14
    ᠮᠠᠯ ᠤᠨ ᠭᠠᠷᠭᠠᠯᠲᠠ ᠶᠢ ᠲᠦᠷᠭᠡᠳᠬᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠦᠮᠡᠨ ᠳᠤ᠄    ᠣᠳᠣᠬᠠᠨ ᠳᠤ᠂ ᠮᠠᠯ ᠤᠨᠤᠭ᠎ᠠ ᠶᠠᠭ ᠲᠠᠷᠭᠤ ᠰᠠᠶᠢᠲᠠᠢ ᠬᠤᠭᠤᠴᠠᠭᠠᠨ ᠳᠤ ᠪᠠᠶᠢᠬᠤ ᠪᠣᠯᠬᠤᠷ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ᠂ ᠥᠷᠭᠡᠨ ᠤᠯᠠᠨ ᠮᠠᠯᠴᠢᠨ ᠲᠦᠮᠡᠨ ᠢ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠵᠠᠬ᠎ᠠ ᠳᠡᠯᠭᠡᠭᠦᠷ  ᠤᠨ ᠵᠢᠮ᠎ᠡ ᠶᠢ ᠵᠥᠪ ᠢᠶᠠᠷ ᠤᠶᠢᠯᠠᠭᠠᠵᠥ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠢᠯᠳᠡ ᠠᠴᠠ ᠰᠡᠷᠭᠡᠶᠢᠯᠡᠨ᠂ ︽ᠬᠤᠳᠠᠯᠳᠤᠬᠤ ᠪᠠᠨ ᠬᠠᠶᠢᠷᠠᠯᠠᠬᠤ︾ ᠰᠡᠳᠬᠢᠴᠡ ᠪᠠᠨ ᠦᠭᠡᠷᠡᠴᠢᠯᠡᠵᠦ᠂ ᠪᠤᠷᠤᠯᠠᠭᠤᠯᠭ᠎ᠠ ᠶᠢᠨ  ᠵᠠᠩᠭᠢᠯᠠᠭ᠎ᠠ ᠶᠢᠨ ᠬᠤᠭᠤᠴᠠᠭ᠎ᠠ ᠶᠢ ᠪᠦᠲᠦᠮᠵᠢᠲᠡᠢ ᠠᠰᠢᠭᠯᠠᠨ᠂ ᠢᠳᠡᠪᠬᠢᠳᠡᠢ ᠪᠣᠷᠣᠯᠠᠭᠤᠯᠵᠤ᠂ ︽ᠡᠪᠤᠯ ᠤᠨ ᠤᠨᠳᠤᠷᠬᠤ ᠮᠠᠯ︾ ᠤᠨ ᠲᠤᠭ᠎ᠠ ᠬᠡᠮᠵᠢᠶ᠎ᠡ ᠶᠢ ᠪᠠᠭᠠᠰᠬᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠰᠠᠨᠠᠭᠠᠴᠢᠯᠠᠵᠦ ᠪᠠᠶᠢᠨ᠎ᠠ᠃ ᠮᠠᠯ ᠤᠨ ᠪᠦᠲᠦᠴᠡ ᠶᠢ ᠵᠣᠬᠢᠰᠲᠠᠶ ᠲᠣᠬᠢᠷᠠᠭᠤᠯᠵᠤ᠂ ᠬᠡᠪᠴᠢᠶ᠎ᠡ ᠶᠢ ᠵᠣᠬᠢᠰᠲᠠᠶ ᠪᠠᠭᠠᠰᠬᠠᠨ᠂ ᠮᠠᠯᠵᠢᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠵᠤ ᠂ ᠨᠤᠲᠤᠭ ᠪᠡᠯᠴᠢᠭᠡᠷ ᠤᠨ ᠳᠠᠷᠤᠯᠲᠠ ᠶᠢ ᠬᠦᠩᠭᠡᠷᠡᠬᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢ ᠰᠠᠶᠢᠲᠤᠷ ᠬᠠᠮᠠᠭᠠᠯᠠᠬᠤ ᠬᠡᠷᠡᠭᠲᠡᠶ᠃ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ︽ᠤᠨᠳᠤᠷᠤᠯᠲᠠ ᠶᠢᠨ ᠲᠠᠩᠰᠠ︾᠂ ︽ᠠᠵᠤ ᠠᠬᠤᠶ ᠶᠢᠨ ᠲᠠᠩᠰᠠ︾᠂ ︽ᠠᠮᠢ ᠠᠬᠤᠶ ᠶᠢᠨ ᠲᠠᠩᠰᠠ︾ ᠶᠢ ᠣᠨᠣᠪᠴᠢᠲᠠᠶ ᠰᠠᠶᠢᠲᠤᠷ ᠪᠤᠳᠤᠬᠤ ᠬᠡᠷᠡᠭᠲᠡᠶ᠃ ᠡᠪᠡᠰᠦ ᠪᠣᠷᠳᠤᠭ᠎ᠠ ᠪᠠᠨ ᠭᠦᠶᠴᠡᠳ ᠨᠥᠭᠡᠴᠡᠯᠡᠵᠦ᠂ ᠦᠨᠤ ᠡᠪᠦᠯ ᠢᠷᠡᠬᠦ ᠬᠠᠪᠤᠷ ᠤᠨ ᠮᠠᠯ ᠤᠨᠤᠭᠠᠨ ᠤ ᠮᠡᠨᠳᠦ ᠤᠨᠲᠤᠷᠤᠯᠲᠠ ᠶᠢ ᠪᠠᠳᠤᠯᠠᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯ ᠠᠵᠤ ᠠᠬᠤᠶ ᠶᠢᠨ ᠣᠷᠣᠯᠭ᠎ᠠ  ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠤ ᠪᠠᠶᠢᠳᠠᠯ ᠠᠴᠠ ᠦᠵᠡᠪᠡᠯ᠂ ᠦᠬᠡᠷ ᠬᠤᠨᠢᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠣᠭᠲᠠᠭᠤᠨ ᠪᠤᠰᠤ᠂ ᠬᠤᠳᠠᠯᠳᠤᠨ ᠠᠪᠬᠤ ᠦᠨ᠎ᠡ ᠬᠠᠩᠰᠢ ᠨᠢᠳᠤᠨᠤᠨ ᠤ ᠬᠢ ᠠᠴᠠ ᠪᠠᠭᠤᠷᠠᠵᠤ᠂ ᠮᠠᠯ ᠤᠨ ᠠᠰᠢᠭ ᠰᠢᠮ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠨᠡᠯᠢᠶᠡᠳ ᠠᠨᠠᠢ ᠪᠠᠶᠢᠨ᠎ᠠ᠂ ᠡᠭᠦᠨ ᠳᠤ ᠥᠷᠭᠡᠨ ᠣᠯᠠᠨ ᠮᠠᠯᠴᠢᠨ ᠲᠦᠮᠡᠨ ᠳᠤ ᠰᠠᠨᠠᠭᠤᠯᠬᠤ ᠨᠢ᠂ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠨᠡᠶᠢᠲᠡᠯᠡᠬᠦ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠬᠤ ᠶᠢ ᠰᠠᠨᠠᠭᠤᠯᠵᠦ ᠪᠠᠶᠢᠨ᠎ᠠ᠃    ᠥᠷᠭᠡᠨ ᠣᠯᠠᠨ ᠮᠠᠯᠴᠢᠨ ᠨᠠᠮ ᠤᠨ ᠭᠡᠰᠢᠭᠦᠨ᠂ ᠴᠢᠨᠡᠭᠡᠯᠢᠭᠵᠢᠭᠰᠡᠨ ᠴᠢᠳᠠᠪᠤᠷᠢᠲᠠᠨ᠂ ᠲᠡᠵᠢᠭᠡᠨ ᠦᠷᠡᠵᠢᠭᠦᠯᠬᠦ ᠲᠣᠮᠣ ᠡᠷᠦᠬᠡ ᠨᠢ ᠵᠢᠱᠢᠶ᠎ᠡ ᠦᠵᠡᠭᠦᠯᠦᠨ ᠳᠠᠭᠠᠭᠤᠯᠬᠤ ᠦᠶᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠯ ᠤᠨᠤᠭ᠎ᠠ  ᠪᠠᠨ ᠲᠦᠷᠦᠭᠦᠯᠡᠨ ᠪᠤᠷᠤᠯᠠᠭᠤᠯᠵᠦ᠂ ᠥᠷᠭᠡᠨ ᠣᠯᠠᠨ ᠮᠠᠯᠵᠢᠬᠤ ᠡᠷᠦᠬᠡ ᠶᠢ ᠳᠠᠶᠢᠴᠢᠯᠠᠨ ᠳᠠᠭᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠮᠠᠯ ᠤᠨᠤᠭ᠎ᠠ ᠪᠠᠨ ᠪᠣᠷᠣᠯᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠠᠩ ᠶᠡᠭᠡ ᠲᠡᠵᠢᠭᠡᠨ ᠦᠷᠡᠵᠢᠭᠦᠯᠬᠦ ᠦᠷ᠎ᠡ ᠠᠰᠢᠭ ᠢ ᠲᠡᠮᠡᠴᠡᠨ ᠣᠯᠬᠤ ᠬᠡᠷᠡᠭᠳᠡᠢ᠃ ᠨᠢᠭᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠬᠠᠪᠰᠤᠷᠤᠨ ᠲᠡᠳᠬᠦᠬᠦ ᠬᠠᠷᠢᠭᠤᠴᠠᠯᠭᠠᠲᠤ ᠨᠢᠭᠡᠴᠡ ᠨᠢ ᠲᠣᠰ ᠲᠣᠰ ᠤᠨ ᠭᠠᠴᠠᠭ᠎ᠠ᠂ ᠮᠠᠯᠵᠢᠬᠤ ᠡᠷᠦᠬᠡ ᠳᠡᠭᠡᠨ ᠭᠦᠨᠵᠡᠭᠡᠶᠢᠷᠡᠵᠦ᠂ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠮᠠᠯ ᠤᠨ ᠭᠠᠷᠭᠠᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠠᠷᠪᠢᠯᠠᠬᠤ ᠪᠠ ᠬᠠᠮᠤᠭ ᠤᠨ ᠶᠡᠭᠡ ᠠᠰᠢᠭ ᠣᠯᠬᠤ ᠲᠠᠯ᠎ᠠ ᠪᠠᠷ ᠰᠠᠶᠢᠲᠤᠷ ᠬᠥᠲᠥᠯᠥᠨ ᠵᠢᠯᠣᠭᠤᠳᠬᠤ ᠬᠡᠷᠡᠭᠲᠡᠶ᠃ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ᠂ ᠰᠤᠷᠭᠠᠭᠤᠯᠢ᠂ ᠥᠷᠭᠡᠨ ᠣᠯᠠᠨ ᠺᠠᠳ᠋ᠷ ᠠᠵᠢᠯᠲᠠᠨ ᠵᠢᠴᠢ ᠬᠤᠭᠤᠯᠠᠨ ᠬᠡᠷ᠂ ᠵᠣᠴᠢᠳ ᠤᠨ ᠪᠠᠭᠤᠳᠠᠯ ᠨᠢ ᠲᠣᠰ ᠬᠤᠰᠢᠭᠤᠨ ᠤ ᠪᠠᠨ ᠦᠬᠡᠷ ᠬᠤᠨᠢᠨ ᠮᠢᠬ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠶ ᠰᠣᠩᠭᠤᠨ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠮᠠᠯᠴᠢᠨ ᠲᠦᠮᠡᠨ ᠤ ᠬᠦᠴᠢᠷᠳᠡᠯ ᠢ ᠰᠢᠶᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ                                 2023 ᠣᠨ ᠤ 9  ᠰᠠᠷ᠎ᠠ ᠶᠢᠨ 11 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号