ᠮᠠᠯ ᠤᠨ ᠭᠠᠷᠭᠠᠯᠲᠠ ᠶᠢ ᠲᠦᠷᠭᠡᠳᠬᠡᠬᠦ ᠲᠤᠬᠠᠢ ᠰᠠᠨᠠᠭᠠᠴᠢᠯᠠᠭ᠎ᠠ ᠶᠢᠨ ᠪᠢᠴᠢᠭ | ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠦᠮᠡᠨ ᠳᠤ᠄ | ᠣᠳᠣᠬᠠᠨ ᠳᠤ᠂ ᠮᠠᠯ ᠤᠨᠤᠭ᠎ᠠ ᠶᠠᠭ ᠲᠠᠷᠭᠤ ᠰᠠᠶᠢᠲᠠᠢ ᠬᠤᠭᠤᠴᠠᠭᠠᠨ ᠳᠤ ᠪᠠᠶᠢᠬᠤ ᠪᠣᠯᠬᠤᠷ ᠪᠠᠷᠠᠭᠤᠨ ᠦᠵᠦᠮᠦᠴᠢᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ᠂ | ᠥᠷᠭᠡᠨ ᠤᠯᠠᠨ ᠮᠠᠯᠴᠢᠨ ᠲᠦᠮᠡᠨ ᠢ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠵᠠᠬ᠎ᠠ ᠳᠡᠯᠭᠡᠭᠦᠷ ᠤᠨ ᠵᠢᠮ᠎ᠡ ᠶᠢ ᠵᠥᠪ ᠢᠶᠠᠷ | ᠤᠶᠢᠯᠠᠭᠠᠵᠥ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠢᠯᠳᠡ ᠠᠴᠠ ᠰᠡᠷᠭᠡᠶᠢᠯᠡᠨ᠂ ︽ᠬᠤᠳᠠᠯᠳᠤᠬᠤ ᠪᠠᠨ | ᠬᠠᠶᠢᠷᠠᠯᠠᠬᠤ︾ ᠰᠡᠳᠬᠢᠴᠡ ᠪᠠᠨ ᠦᠭᠡᠷᠡᠴᠢᠯᠡᠵᠦ᠂ ᠪᠤᠷᠤᠯᠠᠭᠤᠯᠭ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠪᠦᠲᠦᠮᠵᠢᠲᠡᠢ | ᠠᠰᠢᠭᠯᠠᠨ᠂ ᠢᠳᠡᠪᠬᠢᠳᠡᠢ ᠪᠣᠷᠣᠯᠠᠭᠤᠯᠵᠤ᠂ ︽ᠡᠪᠤᠯ ᠤᠨ ᠤᠨᠳᠤᠷᠬᠤ ᠮᠠᠯ︾ ᠤᠨ ᠲᠤᠭ᠎ᠠ ᠬᠡᠮᠵᠢᠶ᠎ᠡ ᠶᠢ ᠪᠠᠭᠠᠰᠬᠠᠨ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠰᠠᠨᠠᠭᠠᠴᠢᠯᠠᠵᠦ ᠪᠠᠶᠢᠨ᠎ᠠ᠃ ᠮᠠᠯ | ᠤᠨ ᠪᠦᠲᠦᠴᠡ ᠶᠢ ᠵᠣᠬᠢᠰᠲᠠᠶ ᠲᠣᠬᠢᠷᠠᠭᠤᠯᠵᠤ᠂ ᠬᠡᠪᠴᠢᠶ᠎ᠡ ᠶᠢ ᠵᠣᠬᠢᠰᠲᠠᠶ ᠪᠠᠭᠠᠰᠬᠠᠨ᠂ ᠮᠠᠯᠵᠢᠨ ᠲᠡᠵᠢᠭᠡᠬᠦ ᠥᠪᠡᠷ ᠤᠨ | ᠥᠷᠲᠡᠭ ᠢ ᠪᠠᠭᠤᠷᠠᠭᠤᠯᠵᠤ᠂ ᠨᠤᠲᠤᠭ ᠪᠡᠯᠴᠢᠭᠡᠷ ᠤᠨ ᠳᠠᠷᠤᠯᠲᠠ ᠶᠢ ᠬᠦᠩᠭᠡᠷᠡᠬᠦᠯᠦᠨ᠂ ᠨᠤᠲᠤᠭ ᠪᠡᠯᠴᠢᠭᠡᠷ ᠤᠨ ᠠᠮᠢ | ᠠᠬᠤᠶ ᠶᠢ ᠰᠠᠶᠢᠲᠤᠷ ᠬᠠᠮᠠᠭᠠᠯᠠᠬᠤ ᠬᠡᠷᠡᠭᠲᠡᠶ᠃ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠬᠥᠭᠵᠢᠯᠲᠡ ᠶᠢᠨ ᠵᠠᠮ ᠢᠶᠠᠷ | ᠡᠷᠡᠰ ᠭᠤᠶᠢᠪᠢᠰᠢ ᠥᠬᠡᠶ ᠵᠠᠮᠨᠠᠵᠤ᠂ ︽ᠤᠨᠳᠤᠷᠤᠯᠲᠠ ᠶᠢᠨ ᠲᠠᠩᠰᠠ︾᠂ ︽ᠠᠵᠤ ᠠᠬᠤᠶ ᠶᠢᠨ ᠲᠠᠩᠰᠠ︾᠂ ︽ᠠᠮᠢ | ᠠᠬᠤᠶ ᠶᠢᠨ ᠲᠠᠩᠰᠠ︾ ᠶᠢ ᠣᠨᠣᠪᠴᠢᠲᠠᠶ ᠰᠠᠶᠢᠲᠤᠷ ᠪᠤᠳᠤᠬᠤ ᠬᠡᠷᠡᠭᠲᠡᠶ᠃ ᠡᠪᠡᠰᠦ ᠪᠣᠷᠳᠤᠭ᠎ᠠ ᠪᠠᠨ ᠭᠦᠶᠴᠡᠳ | ᠨᠥᠭᠡᠴᠡᠯᠡᠵᠦ᠂ ᠦᠨᠤ ᠡᠪᠦᠯ ᠢᠷᠡᠬᠦ ᠬᠠᠪᠤᠷ ᠤᠨ ᠮᠠᠯ ᠤᠨᠤᠭᠠᠨ ᠤ ᠮᠡᠨᠳᠦ ᠤᠨᠲᠤᠷᠤᠯᠲᠠ ᠶᠢ ᠪᠠᠳᠤᠯᠠᠨ᠂ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯ ᠠᠵᠤ ᠠᠬᠤᠶ ᠶᠢᠨ | ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠤ ᠪᠠᠶᠢᠳᠠᠯ ᠠᠴᠠ ᠦᠵᠡᠪᠡᠯ᠂ | ᠦᠬᠡᠷ ᠬᠤᠨᠢᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠲᠣᠭᠲᠠᠭᠤᠨ ᠪᠤᠰᠤ᠂ ᠬᠤᠳᠠᠯᠳᠤᠨ ᠠᠪᠬᠤ ᠦᠨ᠎ᠡ ᠬᠠᠩᠰᠢ | ᠨᠢᠳᠤᠨᠤᠨ ᠤ ᠬᠢ ᠠᠴᠠ ᠪᠠᠭᠤᠷᠠᠵᠤ᠂ ᠮᠠᠯ ᠤᠨ ᠠᠰᠢᠭ ᠰᠢᠮ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ | ᠨᠡᠯᠢᠶᠡᠳ ᠠᠨᠠᠢ ᠪᠠᠶᠢᠨ᠎ᠠ᠂ ᠡᠭᠦᠨ ᠳᠤ ᠥᠷᠭᠡᠨ ᠣᠯᠠᠨ ᠮᠠᠯᠴᠢᠨ ᠲᠦᠮᠡᠨ ᠳᠤ ᠰᠠᠨᠠᠭᠤᠯᠬᠤ ᠨᠢ᠂ ᠠᠯᠪᠠᠨ ᠤ ᠲᠠᠯ᠎ᠠ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠨᠡᠶᠢᠲᠡᠯᠡᠬᠦ ᠥᠬᠡᠶ᠂ | ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠬᠤ ᠶᠢ ᠰᠠᠨᠠᠭᠤᠯᠵᠦ | ᠪᠠᠶᠢᠨ᠎ᠠ᠃ | ᠥᠷᠭᠡᠨ ᠣᠯᠠᠨ ᠮᠠᠯᠴᠢᠨ ᠨᠠᠮ ᠤᠨ ᠭᠡᠰᠢᠭᠦᠨ᠂ ᠴᠢᠨᠡᠭᠡᠯᠢᠭᠵᠢᠭᠰᠡᠨ ᠴᠢᠳᠠᠪᠤᠷᠢᠲᠠᠨ᠂ ᠲᠡᠵᠢᠭᠡᠨ ᠦᠷᠡᠵᠢᠭᠦᠯᠬᠦ ᠲᠣᠮᠣ | ᠡᠷᠦᠬᠡ ᠨᠢ ᠵᠢᠱᠢᠶ᠎ᠡ ᠦᠵᠡᠭᠦᠯᠦᠨ ᠳᠠᠭᠠᠭᠤᠯᠬᠤ ᠦᠶᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠯ ᠤᠨᠤᠭ᠎ᠠ ᠪᠠᠨ | ᠲᠦᠷᠦᠭᠦᠯᠡᠨ ᠪᠤᠷᠤᠯᠠᠭᠤᠯᠵᠦ᠂ ᠥᠷᠭᠡᠨ ᠣᠯᠠᠨ ᠮᠠᠯᠵᠢᠬᠤ ᠡᠷᠦᠬᠡ ᠶᠢ ᠳᠠᠶᠢᠴᠢᠯᠠᠨ ᠳᠠᠭᠠᠭᠤᠯᠵᠤ᠂ ᠨᠤᠲᠤᠭ ᠪᠡᠯᠴᠢᠭᠡᠷ ᠤᠨ | ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ ᠮᠠᠯ ᠤᠨᠤᠭ᠎ᠠ ᠪᠠᠨ ᠪᠣᠷᠣᠯᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ | ᠨᠠᠩ ᠶᠡᠭᠡ ᠲᠡᠵᠢᠭᠡᠨ ᠦᠷᠡᠵᠢᠭᠦᠯᠬᠦ ᠦᠷ᠎ᠡ ᠠᠰᠢᠭ ᠢ ᠲᠡᠮᠡᠴᠡᠨ ᠣᠯᠬᠤ ᠬᠡᠷᠡᠭᠳᠡᠢ᠃ ᠨᠢᠭᠡᠳᠦᠭᠡᠷ ᠱᠦᠵᠢ᠂ ᠭᠠᠴᠠᠭᠠᠨ ᠳᠤ | ᠰᠠᠭᠤᠭ᠎ᠠ ᠠᠵᠢᠯᠯᠠᠬᠤ ᠠᠩᠭᠢ ᠪᠣᠯᠤᠨ ᠬᠠᠪᠰᠤᠷᠤᠨ ᠲᠡᠳᠬᠦᠬᠦ ᠬᠠᠷᠢᠭᠤᠴᠠᠯᠭᠠᠲᠤ ᠨᠢᠭᠡᠴᠡ ᠨᠢ ᠲᠣᠰ ᠲᠣᠰ ᠤᠨ ᠭᠠᠴᠠᠭ᠎ᠠ᠂ | ᠮᠠᠯᠵᠢᠬᠤ ᠡᠷᠦᠬᠡ ᠳᠡᠭᠡᠨ ᠭᠦᠨᠵᠡᠭᠡᠶᠢᠷᠡᠵᠦ᠂ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠮᠠᠯ ᠤᠨ ᠭᠠᠷᠭᠠᠯᠲᠠ ᠶᠢᠨ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠠᠷᠪᠢᠯᠠᠬᠤ ᠪᠠ ᠬᠠᠮᠤᠭ | ᠤᠨ ᠶᠡᠭᠡ ᠠᠰᠢᠭ ᠣᠯᠬᠤ ᠲᠠᠯ᠎ᠠ ᠪᠠᠷ ᠰᠠᠶᠢᠲᠤᠷ ᠬᠥᠲᠥᠯᠥᠨ ᠵᠢᠯᠣᠭᠤᠳᠬᠤ ᠬᠡᠷᠡᠭᠲᠡᠶ᠃ ᠡᠯ᠎ᠡ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠶᠯᠡᠰ ᠤᠨ ᠨᠢᠭᠡᠴᠡ᠂ ᠰᠤᠷᠭᠠᠭᠤᠯᠢ᠂ ᠥᠷᠭᠡᠨ ᠣᠯᠠᠨ ᠺᠠᠳ᠋ᠷ ᠠᠵᠢᠯᠲᠠᠨ ᠵᠢᠴᠢ ᠬᠤᠭᠤᠯᠠᠨ ᠬᠡᠷ᠂ | ᠵᠣᠴᠢᠳ ᠤᠨ ᠪᠠᠭᠤᠳᠠᠯ ᠨᠢ ᠲᠣᠰ ᠬᠤᠰᠢᠭᠤᠨ ᠤ ᠪᠠᠨ ᠦᠬᠡᠷ ᠬᠤᠨᠢᠨ ᠮᠢᠬ᠎ᠠ ᠪᠠ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠢ ᠢᠳᠡᠪᠬᠢᠲᠡᠶ ᠰᠣᠩᠭᠤᠨ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠮᠠᠯᠴᠢᠨ | ᠲᠦᠮᠡᠨ ᠤ ᠬᠦᠴᠢᠷᠳᠡᠯ ᠢ ᠰᠢᠶᠳᠪᠦᠷᠢᠯᠡᠵᠦ ᠥᠭᠬᠦ ᠶᠢ ᠬᠦᠰᠡᠵᠦ ᠪᠠᠶᠢᠨ᠎ᠠ᠃ | | ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ | 2023 ᠣᠨ ᠤ 9 ᠰᠠᠷ᠎ᠠ ᠶᠢᠨ 11 ᠤ ᠡᠳᠦᠷ |