ᠪᠠᠷᠠᠭᠤᠨ ᠦᠵᠦᠮᠦᠴᠢᠨ ᠬᠤᠰᠢᠭᠤ 2023 ᠣᠨ ᠤ ᠪᠥᠬᠦ ᠠᠶᠢᠮᠠᠭ ᠤᠨ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ | ᠪᠠᠷᠠᠭᠤᠨ ᠦᠵᠦᠮᠦᠴᠢᠨ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠴᠡᠷᠢᠭ ᠤᠨ ᠶᠠᠪᠤᠳᠠᠯ ᠤᠨ | ᠡᠳᠦᠷ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠪᠠ | | 23 ᠳ᠋ᠤᠭᠠᠷ ︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ | ᠬᠦᠷᠴᠦ ᠢᠷᠡᠬᠦ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠣᠣᠱᠯᠠᠭᠤᠯᠵᠤ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠪᠣᠯᠣᠨ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠪᠥᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠨ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠲᠦᠭᠡᠮᠡᠯᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ᠂ ᠤᠯᠤᠰ ᠤᠨ ᠪᠠᠲᠤᠯᠠᠨ | ᠬᠠᠮᠠᠭᠠᠯᠠᠯᠲᠠ ᠳᠤ ᠣᠷᠣᠯᠴᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠣᠰᠠᠳᠠ᠂ 9 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ | ᠬᠤᠰᠢᠭᠤ 2023 ᠣᠨ ᠤ ᠪᠥᠬᠦ ᠠᠶᠢᠮᠠᠭ ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠪᠠᠷᠠᠭᠤᠨ | ᠦᠵᠦᠮᠦᠴᠢᠨ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠴᠡᠷᠢᠭ ᠤᠨ ᠶᠠᠪᠤᠳᠠᠯ ᠤᠨ ᠡᠳᠦᠷ ᠤᠨ | ᠠᠵᠢᠯᠯᠠᠭ᠎ᠠ ᠶᠢ ᠡᠷᠬᠢᠯᠡᠨ ᠶᠠᠪᠤᠭᠳᠠᠭᠤᠯᠪᠠ ᠃ ᠬᠤᠰᠢᠭᠤ ᠤᠳᠤᠷᠢᠳᠤᠯᠭ᠎ᠠ ᠮᠥᠩᠭᠦᠨᠱᠠ᠂ ᠪᠠᠭᠠᠨ᠎ᠠ᠂ ᠦ᠋ ᠵᠦ᠂ | ᠰᠡᠴᠡᠨᠭᠡᠷᠡᠯ᠂ ᠦ᠋ ᠪᠦᠦ ᠫᠢᠩ᠂ ᠮᠡᠷᠭᠡᠨᠳᠠᠯᠠᠢ᠂ ᠠᠨ ᡁᠢ ᠪᠢᠨ ᠨᠠᠷ ᠠᠵᠢᠯᠯᠠᠭ᠎ᠠ ᠳᠤ ᠣᠷᠣᠯᠴᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ | ᠶᠢᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ ᠾᠦᠢ ᠽᠧ ᠢᠦᠢ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠠᠵᠢᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ | ᠵᠢᠴᠢ ᠰᠠᠭᠤᠭ᠎ᠠ ᠴᠡᠷᠢᠭ ᠠᠩᠭᠢ᠂ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃ | ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ | ᠬᠤᠰᠢᠭᠤ ᠨᠠᠮ ᠤᠨ ᠬᠤᠷᠢᠶᠠᠨ ᠤ ᠱᠦᠵᠢ ᠮᠦᠩᠭᠦᠨᠱᠠ ᠪᠠᠶᠠᠷ ᠤᠨ ᠦᠭᠡ ᠬᠡᠯᠡᠬᠦ ᠳᠡᠭᠡᠨ᠄ ᠡᠨᠡ ᠵᠢᠯ ᠤᠨ︽ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ ᠭᠤᠣᠯ ᠰᠡᠳᠦᠪ ᠪᠣᠯ ︽ᠡᠷᠴᠢ | ᠵᠣᠷᠢᠭ ᠢᠶᠠᠨ ᠬᠥᠪᠴᠢᠯᠡᠵᠦ ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦᠷᠬᠡᠭᠵᠢᠭᠦᠯᠵᠦ ᠰᠡᠷᠭᠦᠨ ᠮᠠᠨᠳᠤᠯᠲᠠ | ᠲᠡᠰᠢ ᠡᠷᠡᠯᠬᠡᠭᠯᠡᠨ ᠣᠷᠣᠭᠰᠢᠯᠠᠶ᠎ᠠ︾᠃ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢ ᠶᠢᠨ | ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠡᠭᠦᠷᠭᠡ | ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ | ᠴᠡᠷᠢᠭ ᠠᠩᠭᠢ ᠪᠠ ᠣᠷᠣᠨ ᠨᠤᠲᠤᠭ ᠨᠢᠭᠲᠠ ᠬᠠᠮᠵᠢᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠮᠵᠢᠬᠦ᠂ | ᠪᠦᠬᠦ ᠠᠷᠠᠳ ᠢᠶᠠᠷ ᠢᠶᠠᠨ ᠬᠠᠮᠲᠤ ᠪᠠᠷ ᠣᠷᠣᠯᠴᠠᠬᠤ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ | ᠠᠭᠤᠰᠤᠯᠴᠠᠭᠤᠯᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠨ᠂ | ᠬᠤᠪᠢᠰᠬᠠᠯᠲᠤ ᠣᠯᠠᠮᠵᠢᠯᠠᠯ ᠢ ᠪᠠᠳᠠᠷᠠᠭᠤᠯᠵᠤ᠂ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ | ᠪᠦᠬᠦ ᠨᠡᠶᠢᠭᠡᠮ ᠢᠶᠠᠷ ᠢᠶᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠨᠦᠭᠦᠳ ᠤᠨ ᠤᠯᠠᠨ | ᠲᠦᠮᠡᠨ ᠤ ᠤᠯᠤᠰ ᠲᠠᠭᠠᠨ ᠵᠢᠳᠬᠦᠬᠦ ᠬᠠᠯᠠᠭᠤᠨ ᠰᠡᠳᠬᠢᠯᠭᠡ ᠶᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ ᠭᠡᠵᠡᠢ᠃ | | ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠾᠦᠢ ᠽᠧ ᠢᠦᠢ | ᠶᠠᠷᠢᠶ᠎ᠠ ᠲᠠᠯᠪᠢᠵᠤ ᠂ ᠰᠢᠯᠢ ᠶᠢᠨ ᠭᠤᠣᠯ ᠠᠶᠢᠮᠠᠭ ᠤᠨ 2023 ᠣᠨ ᠤ ︽ᠪᠥᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ ᠰᠢᠷᠢᠰ ᠠᠵᠢᠯᠯᠠᠭ᠎ᠠ ᠪᠥᠬᠦ ᠲᠠᠯ᠎ᠠ ᠪᠠᠷ ᠡᠬᠢᠯᠡᠭᠰᠡᠨ ᠢ | ᠵᠠᠷᠯᠠᠪᠠ᠃ ᠲᠡᠷᠡ ᠵᠢᠭᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ | ᠱᠦᠵᠢ ᠰᠢ ᠶᠢᠨ ᠫᠢᠩ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ | ᠡᠯ᠎ᠡ ᠠᠵᠢᠯ ᠢ ᠥᠨᠳᠥᠷ ᠶᠠᠰᠤ ᠴᠢᠨᠠᠷᠲᠠᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ | ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ︽ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ | ᠤᠬᠠᠭᠤᠯᠤᠨ ᠲᠠᠶᠢᠯᠪᠤᠷᠢᠯᠠᠬᠤ᠂ ᠬᠤᠪᠢᠰᠬᠠᠯ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠢ ᠴᠢᠯᠦᠭᠡᠲᠡᠢ ᠨᠡᠭᠡᠭᠡᠬᠦ᠂ | ᠣᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ᠂ ᠰᠦᠯᠵᠢᠶᠡᠨ ᠳᠡᠭᠡᠷᠡᠬᠢ ᠤᠬᠠᠭᠤᠯᠭ᠎ᠠ ᠬᠥᠮᠦᠵᠢᠯ ᠵᠡᠷᠭᠡ ᠡᠯ᠎ᠡ | ᠲᠥᠷᠥᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠠᠯᠪᠠᠨ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠴᠡᠷᠢᠭ ᠤᠨ ᠬᠤᠸᠠᠷᠠᠨ᠂ ᠰᠦᠯᠵᠢᠶ᠎ᠡ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ | ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠤᠬᠠᠭᠤᠯᠬᠤ ᠰᠠᠯᠠᠭ᠎ᠠ ᠮᠥᠴᠢᠷ | ᠲᠦᠷᠦᠭᠦᠯᠡᠨ ᠵᠣᠬᠢᠴᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠤᠨ ᠰᠠᠯᠠᠭ᠎ᠠ ᠮᠥᠴᠢᠷ ᠲᠤᠰ ᠲᠤᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠬᠤ ᠠᠵᠢᠯ ᠤᠨ | ᠪᠠᠶᠢᠷᠢᠰᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ | ᠬᠦᠴᠦᠨ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠮᠠᠭᠠᠯᠠᠬᠤ ᠶᠢ ᠨᠡᠶᠢᠭᠡᠮ ᠳᠠᠶᠠᠭᠠᠷ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ | ᠤᠬᠠᠮᠰᠠᠷᠲᠤ ᠠᠵᠢᠯᠯᠠᠭ᠎ᠠ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ᠂ ᠣᠳᠣᠬᠢᠴᠢᠯᠠᠭᠰᠠᠨ ᠰᠢᠯᠢ ᠶᠢᠨ ᠭᠤᠣᠯ ᠢ ᠪᠦᠲᠦᠭᠡᠨ ᠪᠠᠶᠢᠭᠤᠯᠬᠤ ᠳᠤ ᠪᠠᠲᠤ ᠪᠠᠬᠢ | ᠦᠵᠡᠯ ᠰᠠᠨᠠᠭᠠᠨ ᠤ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ | ᠶᠤᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠬᠠᠮᠲᠤᠪᠡᠷ ᠪᠠᠭᠠᠵᠢ ᠵᠡᠪᠰᠡᠭ ᠤᠨ ᠦᠵᠡᠭᠦᠯᠦᠯᠭᠡ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠮᠪᠠᠷ᠎ᠠ ᠶᠢ ᠲᠣᠭᠤᠷᠢᠨ ᠦᠵᠡᠵᠦ᠂ ᠴᠡᠷᠢᠭ ᠤᠨ | ᠶᠠᠪᠤᠳᠠᠯ ᠤᠨ ᠰᠣᠷᠢᠯᠲᠠ ᠪᠠ ᠬᠥᠩᠭᠡᠨ ᠵᠡᠪᠰᠡᠭ ᠤᠨ ᠠᠵᠢᠯᠯᠠᠭᠠᠨ ᠤ ᠪᠣᠯᠪᠠᠰᠤᠷᠠᠯ ᠢ ᠰᠣᠨᠢᠷᠬᠠᠵᠠᠢ᠃ | | |