ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ | ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ | | 9 ᠰᠠᠷ᠎ᠠ ᠶᠢᠨ 13 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤ ᠠᠶᠤᠯᠭᠦᠶ | ᠦᠶᠯᠡᠳᠪᠦᠷᠢᠯᠡᠯ ᠤᠨ ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠠᠵᠢᠯ ᠤᠨᠬᠤᠷᠠᠯ ᠬᠤᠷᠠᠯᠳᠤᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠶ | ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠥᠨ | ᠨᠠᠶᠢᠳᠠᠪᠤᠷᠢᠵᠢᠭᠤᠯᠵᠤ᠂ 9 ᠰᠠᠷ᠎ᠠ ᠶᠢᠨ 9 ᠤ ᠡᠳᠦᠷ ᠤᠨ ᠠᠶᠢᠮᠠᠭ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ | 2023 ᠣᠨ ᠤ ᠠᠷᠪᠠᠨ ᠨᠢᠭᠡᠳᠦᠭᠡᠷ ᠤᠳᠠᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠨ᠂ ᠣᠳᠣᠬᠠᠨ ᠤ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠪᠠ ᠭᠠᠮᠰᠢᠭ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶ ᠪᠠᠶᠢᠳᠠᠯ ᠢ ᠵᠠᠳᠠᠯᠤᠨ ᠰᠤᠳᠤᠯᠵᠤ᠂ ᠬᠤᠶᠢᠰᠢᠳᠠ ᠶᠢᠨ ᠨᠢᠭᠡ | ᠬᠤᠭᠤᠴᠠᠭᠠᠨ ᠤ ᠪᠥᠬᠦ ᠬᠤᠰᠢᠭᠤᠨ ᠤ ᠠᠮᠤᠷ ᠲᠦᠪᠰᠢᠨ ᠲᠣᠭᠲᠠᠭᠤᠨ ᠤ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠮᠦᠡᠭᠭᠦᠨᠱᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠡᠷᠭᠢᠯᠠᠪᠠ | ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠠᠶ | ᠱᠠᠨ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠵᠢᠶᠠ ᠶᠦᠩ ᠰᠢᠶᠠ᠂ ᠷᠧᠨ ᠳ᠋ᠧ ᠰᠢᠨ᠂ ᠬᠤᠰᠢᠭᠤ | ᠲᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠮᠠ ᠮᠢᠩ ᠵᠢᠴᠢ ᠬᠤᠰᠢᠭᠤ ᠠᠶᠤᠯᠭᠦᠶ | ᠦᠶᠯᠡᠳᠪᠦᠷᠢᠯᠡᠯ ᠤᠨ ᠵᠥᠪᠯᠡᠯ ᠤᠨ ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ | ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ | ᠭᠠᠵᠠᠷ ᠤᠨ ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠠᠷᠢᠶ᠎ᠡ ᠣᠷᠣᠨ ᠤ | ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠲᠠᠢ ᠬᠤᠯᠪᠣᠭᠳᠠᠨ᠎ᠠ᠃ | ᠬᠤᠰᠢᠭᠤ ᠡᠯ᠎ᠡ ᠱᠠᠳᠤᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ | ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠢᠶ᠎ᠠ ᠪᠦᠬᠦᠢ ᠬᠠᠤᠯᠢ | ᠲᠣᠭᠲᠠᠭᠠᠯ ᠪᠣᠯᠤᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠪᠠ ᠤᠬᠠᠮᠰᠠᠷ ᠢ | ᠪᠠᠲᠤ ᠪᠠᠬᠢ ᠪᠤᠶ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠤ ︽ᠬᠤᠶᠠᠷ ᠶᠡᠭᠡ ᠶᠠᠪᠤᠳᠠᠯ︾ ᠢ ᠢᠮᠠᠭᠲᠠ | ᠰᠠᠶᠢᠲᠤᠷ ᠠᠳᠬᠤᠵᠤ᠂ ᠶᠡᠭᠡ ᠲᠠᠯ᠎ᠠ ᠠᠴᠠ ᠡᠭᠦᠰᠴᠦ᠂ ᠠᠯᠤᠰ ᠬᠡᠲᠦ ᠠᠴᠠ ᠡᠭᠦᠰᠴᠦ᠂ ᠠᠶᠤᠯᠭᠦᠢ | ᠦᠶᠯᠡᠳᠪᠦᠷᠢᠯᠡᠯ ᠤᠨ ᠤᠯᠤᠰ ᠲᠥᠷᠥ ᠶᠢᠨ ᠲᠠᠩᠰᠠ᠂ ᠨᠡᠶᠢᠭᠡᠮ ᠤᠨ ᠲᠠᠩᠰᠠ᠂ ᠠᠵᠤ ᠠᠬᠤᠶ ᠶᠢᠨ ᠲᠠᠩᠰᠠ ᠶᠢ | ᠲᠣᠳᠣᠷᠬᠠᠶ ᠪᠤᠳᠤᠵᠤ᠂ ᠠᠶᠤᠯᠭᠦᠢᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ︽ᠬᠤᠶᠠᠷ ᠢ ᠲᠣᠭᠲᠠᠭᠠᠬᠤ ︾ | ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭᠠᠵᠤ᠂ | ᠠᠶᠤᠯᠭᠦᠢ ᠦᠶᠯᠡᠳᠪᠦᠷᠢᠯᠡᠯ ᠤᠨ ᠡᠯ᠎ᠡ ᠲᠥᠷᠥᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠠᠵᠢᠯ ᠲᠦᠷᠦᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ | ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠡᠯ᠎ᠡ | ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠠᠷᠠᠯᠲᠠ ᠪᠠᠨ | ᠲᠣᠳᠣᠷᠬᠠᠶᠢᠯᠠᠵᠤ᠂ ᠭᠤᠤᠯᠳᠠᠯᠭ᠎ᠠᠲ᠋ᠠᠶ ᠰᠢᠪᠲᠤᠯᠤᠯᠲᠠ ᠬᠢᠬᠦ ᠶᠢ ᠪᠠᠷᠢᠮᠲᠠᠯᠠᠨ᠂ ᠡᠯ᠎ᠡ ᠲᠥᠷᠥᠯ ᠤᠨ ᠲᠤᠰᠬᠠᠶ | ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠃ ᠲᠤᠰᠢᠶᠠᠯ | ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠨ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ | ᠵᠦᠶᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠃ | ᠴᠢᠬᠤᠯᠠ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠲᠥᠯᠥᠪᠵᠢᠭᠦᠯᠦᠨ | ᠪᠠᠶᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠴᠢᠩᠭ᠎ᠠ ᠰᠠᠯᠬᠢ | ᠤᠷᠤᠰᠬᠠᠯᠲᠦ ᠠᠭᠤᠷ ᠠᠮᠢᠰᠬᠤᠯ ᠢ ᠠᠷᠭᠠᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ | ᠬᠡᠵᠠᠢ᠃ | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠳᠡᠭᠡᠷ᠎ᠡ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ 8 ᠳ᠋ᠤᠭᠠᠷ | ᠰᠠᠷ᠎ᠠ ᠶᠢᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ | ᠬᠤᠷᠠᠯ ᠳᠤ ᠣᠷᠣᠯᠴᠠᠭᠰᠠᠨ ᠬᠤᠪᠢᠳᠠᠨ ᠬᠠᠮᠢᠶᠠᠷᠬᠤ ᠬᠤᠰᠢᠭᠤᠲ᠋ᠡᠳ᠋ᠲ᠋ᠠᠷᠤᠭᠠ ᠨᠠᠷᠬᠤᠪᠢᠳᠠᠨ ᠬᠠᠮᠢᠶᠠᠷᠴᠤ ᠪᠠᠶᠢᠭ᠎ᠠ | ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠤᠬᠠᠶ ᠪᠣᠳᠠᠲᠠᠶ | ᠪᠠᠶᠢᠷᠢᠯᠠᠭᠤᠯᠤᠯᠲᠠ ᠬᠢᠵᠡᠶ᠃ |